ᠪᠦᠭᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠴᠢᠳᠠᠪᠤᠷᠢ ᠪᠠᠨ ᠠᠳᠠᠯᠢᠳᠬᠠᠵᠤ ᠤᠳᠤᠨ ᠪᠤᠯᠬᠤ ᠪᠠᠷ ᠴᠢᠷᠮᠠᠶᠢᠬᠤ︾ ᠳᠤᠮᠳᠠ ᠬᠡᠰᠡᠭ ᠣᠷᠣᠨ ᠤ ᠰᠣᠷᠢᠯᠲᠠ ᠬᠢᠵᠦ ᠲᠣᠭᠤᠷᠢᠨ ᠦᠵᠡᠬᠦ ᠠᠵᠢᠯᠯᠠᠭ᠎ᠠ ᠤᠯᠠᠭᠠᠨᠴᠠᠪ ᠲᠤ ᠶᠠᠪᠤᠭᠳᠠᠪᠠ
ᠨᠡᠶᠢᠲᠡᠯᠡᠭᠰᠡᠨ ᠴᠠᠭ᠄
2024/9/3
    ᠣᠶᠢᠷ᠎ᠠ ᠳᠤ ᠪᠦᠭᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠴᠢᠳᠠᠪᠤᠷᠢ ᠪᠠᠨ ᠠᠳᠠᠯᠢᠳᠬᠠᠵᠤ ᠤᠳᠤᠨ ᠪᠤᠯᠬᠤ ᠪᠠᠷ ᠴᠢᠷᠮᠠᠶᠢᠬᠤ︾ ᠳᠤᠮᠳᠠ ᠬᠡᠰᠡᠭ ᠣᠷᠣᠨ ᠤ ᠰᠣᠷᠢᠯᠲᠠ ᠬᠢᠵᠦ ᠲᠣᠭᠤᠷᠢᠨ ᠦᠵᠡᠬᠦ ᠠᠵᠢᠯᠯᠠᠭ᠎ᠠ ᠵᠢᠴᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠪᠦᠯᠭᠦᠮ ᠤᠨ ᠲᠤᠬᠠᠢ ᠶᠢᠨ ᠲᠠᠯᠠᠪᠠᠶ ᠶᠢᠨ ᠬᠤᠷᠠᠯ ᠤᠯᠠᠭᠠᠨᠴᠠᠪ ᠬᠤᠲᠠ ᠶᠢᠨ ᠬᠤᠸᠠᠳᠧ ᠰᠢᠶᠠᠨ ᠳᠤ ᠶᠠᠪᠤᠭᠳᠠᠪᠠ᠃     ᠪᠦᠭᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠴᠢᠳᠠᠪᠤᠷᠢ ᠪᠠᠨ ᠠᠳᠠᠯᠢᠳᠬᠠᠵᠤ ᠤᠳᠤᠨ ᠪᠤᠯᠬᠤ ᠪᠠᠷ ᠴᠢᠷᠮᠠᠶᠢᠬᠤ︾ ᠳᠤᠮᠳᠠ ᠬᠡᠰᠡᠭ ᠣᠷᠣᠨ ᠤ ᠰᠣᠷᠢᠯᠲᠠ ᠬᠢᠵᠦ ᠲᠣᠭᠤᠷᠢᠨ ᠦᠵᠡᠬᠦ ᠠᠵᠢᠯᠯᠠᠭ᠎ᠠ ᠳᠤ᠂ ᠠᠵᠢᠯᠯᠠᠭ᠎ᠠ ᠳᠤ ᠣᠷᠣᠯᠴᠠᠭᠰᠠᠳ ᠬᠤᠸᠠᠳᠧ ᠰᠢᠶᠠᠨ ᠤ ᠭᠦᠨ ᠬᠤᠳᠳᠤᠭ ᠰᠢᠶᠠᠩ ᠤᠨ ᠮᠢᠨ ᠵᠦ ᠲᠣᠰᠬᠤᠨ᠂ ᠡᠯ ᠳ᠋ᠣᠣ ᠾᠧ ᠲᠤᠰᠬᠤᠨ᠂ ᠪᠠᠶᠠᠨᠲᠠᠯ᠎ᠠ ᠰᠢᠶᠠᠩ ᠤᠨ ᠪᠠᠶᠠᠨᠲᠠᠯ᠎ᠠ ᠲᠣᠰᠬᠤᠨ᠂ ᠴᠤᠤ ᠶᠠᠩ ᠪᠠᠯᠭᠠᠰᠤᠨ ᠤ ᠪᠤᠯᠤᠩ ᠤᠨ ᠲᠣᠬᠤᠢ ᠲᠣᠰᠬᠤᠨ᠂ ᠪᠠᠷᠠᠭᠤᠨ ᠤᠰᠤ ᠲᠤᠰᠬᠤᠨ᠂ ᠲᠠᠪᠡᠭᠡᠲᠤ ᠰᠢᠶᠠᠩ ᠤᠨ ᠲᠠᠪᠡᠭᠡᠳᠤ ᠲᠣᠰᠬᠤᠨ ᠵᠢᠴᠢ ᠥᠪᠥᠷ ᠮᠣᠩᠭᠤᠯ ᠤᠨ ᠬᠤᠸᠠ ᠴᠧᠨ ᠰᠢᠨᠡᠳᠴᠦ ᠪᠤᠯᠬᠤ ᠡᠬᠢ ᠪᠠᠶᠠᠯᠢᠭ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠬᠤᠸᠠᠳᠧ ᠰᠢᠶᠠᠨ ᠤ ᠬᠤᠪᠴᠠᠰᠤᠨ ᠤ ᠠᠵᠤ ᠦᠢᠯᠡᠰ ᠤᠨ ᠬᠦᠷᠢᠶᠡᠯᠡᠩ ᠢᠶᠠᠷ ᠲᠣᠭᠤᠷᠢᠨ ᠦᠵᠡᠪᠡ᠃ ᠡᠭᠦᠨ ᠤ ᠬᠠᠮᠲᠤ ᠡᠳᠡᠭᠡᠷ ᠲᠣᠭᠤᠷᠢᠨ ᠦᠵᠡᠭᠰᠡᠨ ᠴᠡᠭ ᠤᠨ ᠤᠯᠠᠨ ᠠᠷᠭ᠎ᠠ ᠠᠪᠴᠠᠯ ᠢᠶᠠᠷ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢᠨ ᠥᠨᠳᠥᠷ ᠪᠦᠲᠦᠮᠵᠢᠲᠡᠢ ᠠᠵᠢᠯᠯᠠᠭ᠎ᠠ ᠶᠢ ᠠᠬᠢᠭᠤᠯᠵᠤ ᠪᠠᠶᠢᠭ᠎ᠠ᠂ ᠬᠤᠪᠢᠰᠬᠠᠯ ᠤᠨ ᠡᠬᠢ ᠪᠠᠶᠠᠯᠢᠭ ᠢ ᠠᠮᠢᠳᠤᠯᠢᠭ ᠬᠡᠷᠡᠭᠯᠡᠨ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠵᠤ ᠪᠠᠶᠢᠭ᠎ᠠ᠂ ᠲᠣᠰᠬᠤᠨ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠬᠥᠭᠵᠢᠵᠦ ᠪᠠᠶᠢᠭ᠎ᠠ᠂ ᠬᠠᠪᠰᠤᠷᠤᠨ ᠲᠡᠳᠬᠦᠵᠦ ᠪᠠᠶᠢᠭ᠎ᠠ ᠠᠵᠠ ᠲᠤᠭᠢᠶᠠᠯ ᠢ ᠠᠰᠢᠭᠯᠠᠨ ᠡᠶ᠎ᠡ ᠨᠠᠶᠢᠷᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠣᠭᠴᠠᠯᠠᠵᠤ ᠪᠠᠶᠢᠭ᠎ᠠ ᠵᠡᠷᠭᠡ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠨᠠᠷᠢᠨ ᠣᠶᠢᠯᠠᠭᠠᠵᠠᠢ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠪᠦᠯᠭᠦᠮ ᠤᠨ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠭᠰᠠᠳ᠂ ᠬᠤᠸᠠᠳᠧ ᠰᠢᠶᠠᠨ ᠤ ᠮᠧᠩ ᠰᠢᠨ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ᠂ ᠬᠤᠸᠠᠳᠧ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠪᠦᠯᠭᠦᠮ ᠤᠨ ᠲᠤᠷᠰᠢᠯᠲᠠ ᠶᠢᠨ ᠵᠢᠱᠢᠶ᠎ᠡ ᠦᠵᠡᠭᠦᠯᠭᠦ ᠰᠠᠭᠤᠷᠢᠨ᠂ ᠥᠪᠥᠷ ᠮᠣᠩᠭᠤᠯ ᠤᠨ ᠬᠤᠸᠠ ᠴᠧᠨ ᠰᠢᠨᠡᠳᠴᠦ ᠪᠤᠯᠬᠤ ᠡᠬᠢ ᠪᠠᠶᠠᠯᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠳᠤ ᠬᠦᠷᠴᠦ ᠲᠣᠭᠤᠷᠢᠨ ᠦᠵᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠪᠦᠯᠭᠦᠮ ᠤᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃  ᠲᠤᠬᠠᠢ ᠶᠢᠨ ᠲᠠᠯᠠᠪᠠᠢ ᠳᠤ ᠬᠤᠸᠠᠳᠧ ᠰᠢᠶᠠᠨ ᠤ 12 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠡᠷᠳᠡᠮ ᠴᠢᠳᠠᠪᠤᠷᠢ ᠪᠠᠨ ᠠᠳᠠᠯᠢᠳᠬᠠᠵᠤ ᠤᠳᠤᠨ ᠪᠤᠯᠬᠤ ᠪᠠᠷ ᠴᠢᠷᠮᠠᠶᠢᠬᠤ︾ ᠲᠠᠶᠢᠰᠠᠨ ᠤᠷᠤᠯᠳᠤᠭᠠᠨ ᠢ ᠦᠵᠡᠪᠡ᠃     ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠪᠦᠯᠭᠦᠮ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠯᠪᠣᠭᠳᠠᠯ ᠪᠦᠬᠦᠢ ᠠᠶᠢᠮᠠᠭ ᠬᠤᠲᠠ᠂ ᠬᠤᠰᠢᠭᠤ ᠰᠢᠶᠠᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ 10 ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠪᠦᠯᠭᠦᠮ ᠤᠨ ᠬᠠᠷᠢᠭᠤᠴᠠᠯᠭᠠᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠢᠯᠡᠳᠬᠡᠯ ᠬᠢᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号