ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ︵ᠰᠦᠯᠵᠢᠶ᠎ᠡ︶ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/9/5
     9 ᠰᠠᠷ᠎ᠠ ᠶᠢᠨ 3 ᠤ ᠡᠳᠦᠷ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 9 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ︵ᠰᠦᠯᠵᠢᠶ᠎ᠡ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠦ ᠢᠦᠢ ᠫᠢᠩ ᠡᠷᠭᠢᠯᠡᠵᠦ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠬᠤᠷᠠᠯ ᠳᠤ ᠣᠷᠣᠯᠴᠠᠵᠠᠢ᠃ ᠬᠤᠷᠠᠯ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︵ᠰᠦᠯᠵᠢᠶ᠎ᠡ︶ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠨᠢᠭᠡ ᠳᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠪᠣᠳᠠᠲᠠᠶᠢᠵᠢᠭᠤᠯᠵᠤ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠃ ᠭᠤᠣᠯ ᠠᠵᠢᠯ ᠪᠣᠯᠤᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠨ᠎ᠠ᠃ ᠬᠤᠶᠠᠷ ᠲᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠤᠯ ᠰᠢᠵᠢᠮ ᠪᠣᠯᠭᠠᠵᠤ᠂ ᠡᠯ᠎ᠡ ᠲᠥᠷᠥᠯ ᠤᠨ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪᠲᠦ ᠪᠣᠯᠪᠠᠰᠤᠷᠠᠭᠤᠯᠤᠯ ᠵᠡᠷᠭᠡ ᠶᠢ ᠠᠰᠢᠭᠯᠠᠨ ᠦᠵᠡᠯ ᠤᠬᠠᠮᠰᠠᠷ ᠤᠨ ᠬᠡᠯᠪᠡᠷᠢ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠ ᠳᠤ᠂ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠷ ᠬᠥᠳᠡᠯᠦᠩᠭᠦᠢ ᠬᠠᠨᠳᠤᠰᠢ ᠶᠢ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠤᠨᠢᠨ ᠳᠡᠭᠡᠷ᠎ᠡ ᠨᠢ ᠵᠠᠳᠠᠯᠤᠨ ᠰᠤᠳᠤᠯᠵᠤ ᠮᠠᠭᠠᠳᠯᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠭᠡᠬᠦ ᠬᠥᠪᠴᠢ ᠶᠢ ᠢᠮᠠᠭᠲᠠ ᠴᠢᠩᠭᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠠᠯᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢᠶᠠᠷ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢᠶᠠᠨ ᠴᠢᠩᠭᠠᠳᠬᠠᠵᠤ᠂ ᠡᠷᠡᠭᠦᠯ ᠥᠭᠡᠳᠡᠷᠬᠡᠭ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠨ᠎ᠠ᠃
 
ᠢᠷᠡᠯᠲᠡ᠄ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号