ᠲᠠᠪᠤᠨ ᠶᠡᠭᠡ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠣᠶᠤᠨᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠴᠠᠭ ᠦᠶ᠎ᠡ
ᠨᠡᠶᠢᠲᠡᠯᠡᠭᠰᠡᠨ ᠴᠠᠭ᠄
2024/9/5
     ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠠᠪᠤᠨ ᠶᠡᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠬᠥᠳᠡᠯᠭᠡᠭᠦᠷ ᠪᠣᠯᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠭᠦᠨᠵᠡᠭᠡᠶ ᠲᠤᠭᠤᠰᠢᠯᠠᠭᠤᠯᠵᠤ᠂ ᠲᠣᠭᠠᠴᠢᠯᠠᠭᠰᠠᠨ᠂ ᠮᠡᠳᠡᠭᠡ ᠵᠠᠩᠭᠢᠵᠢᠯᠠᠭᠰᠠᠨ᠂ ᠤᠶᠤᠨᠴᠢᠯᠠᠭᠰᠠᠨ ᠢᠶᠠᠷ ᠬᠥᠳᠡᠯᠭᠡᠭᠦᠷ ᠪᠣᠯᠭᠠᠵᠤ᠂ ᠨᠠᠩ ᠳᠥᠭᠦᠮ ᠳᠥᠲᠡ᠂ ᠣᠶᠤᠨᠴᠢ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠰᠦᠯᠵᠢᠶᠡᠨ ᠭᠠᠳᠠᠨ᠎ᠠ︾ ᠠᠴᠠ ︽ᠡᠭᠦᠯᠡᠨ ᠦᠵᠦᠭᠦᠷ︾ ᠳᠠᠰᠢ ᠠᠬᠢᠭᠤᠯᠵᠤ᠂ ᠰᠠᠭᠤᠭᠠᠯᠢ ᠠᠷᠠᠳ ᠪᠠ ᠠᠵᠤ ᠠᠬᠤᠶᠢᠯᠠᠯ ᠳᠤ ᠤᠷᠢᠳ ᠡᠮᠦᠨ᠎ᠡ ᠪᠠᠶᠢᠭ᠎ᠠ ᠥᠬᠡᠶ ᠳᠥᠭᠦᠮ ᠳᠥᠲᠡ ᠪᠠ ᠥᠨᠳᠥᠷ ᠪᠦᠲᠦᠮᠵᠢᠲᠡᠶ ᠪᠣᠯᠭᠠᠪᠠ᠃      24 ᠴᠠᠭ ᠡᠭᠦᠳᠡ ᠪᠠᠨ ᠬᠠᠭᠠᠬᠤ ᠦᠭᠡᠢ᠂ ᠦᠪᠡᠷᠲᠡᠭᠡᠨ ᠦᠢᠯᠡᠴᠢᠯᠡᠭᠡ ᠶᠢ ᠴᠠᠭ ᠢᠮᠠᠭᠲᠠ ᠡᠳ᠋ᠯᠡᠨ᠎ᠡ     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ 24 ᠴᠠᠭ ᠤᠨ ᠥᠪᠡᠰᠦᠪᠡᠨ ᠦᠢᠯᠡᠴᠢᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠲᠦ ᠳᠡᠯᠭᠡᠭᠦᠷ ᠢ  ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠵᠡᠷᠭᠡ ᠲᠤᠬᠠᠶᠢᠯᠠᠭᠰᠠᠨ ᠠᠵᠢᠯ ᠢ ᠴᠥᠮ ᠨᠢᠭᠡ ᠯᠡ ᠳᠠᠷᠤᠪᠴᠢ ᠪᠠᠷ  ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠬᠡᠷᠡᠭᠴᠡᠭᠡ ᠱᠠᠭᠠᠷᠳᠠᠯᠭ᠎ᠠ ᠶᠢ ᠪᠦᠬᠦᠯᠢ ᠡᠳᠦᠷ ᠢᠶᠠᠷ ᠬᠠᠩᠭᠠᠪᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ᠮᠥᠩᠬᠡ ᠰᠤᠪᠠᠭ︾ APP᠂ ᠸᠢᠴᠠᠲ ᠤᠨ ᠵᠢᠵᠢᠭ ᠫᠷᠤᠭ᠍ᠷᠠᠮ ᠵᠡᠷᠭᠡ ᠨᠢ ᠬᠤᠷᠤᠭᠤᠨ ᠦᠵᠦᠭᠦᠷ ᠢ ᠬᠥᠩᠭᠡᠪᠴᠢᠯᠡᠵᠦ ᠠᠪᠤᠮᠠᠭᠴᠠ ᠭᠦᠢᠴᠡᠳᠭᠡᠬᠦ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠡᠭᠦᠳᠡ ᠪᠠᠨ ᠬᠠᠭᠠᠬᠤ ᠥᠬᠡᠶ︾ ᠪᠣᠯᠭᠠᠵᠤ᠂ ︽ᠠᠵᠢᠯᠯᠠᠬᠤ ᠳᠤ ᠬᠤᠭᠤᠰᠣᠨ ᠭᠠᠵᠠᠷ ᠪᠠᠶᠢᠬᠤ ᠥᠬᠡᠶ᠂ ᠠᠵᠢᠯ ᠠᠴᠠ ᠪᠠᠭᠤᠪᠠᠯ ᠭᠦᠢᠴᠡᠳᠭᠡᠬᠦ ᠭᠠᠵᠠᠷ ᠥᠬᠡᠶ ᠪᠣᠯᠭᠠᠬᠤ︾ ᠶᠢ  ᠤᠰᠠᠳᠬᠠᠭᠰᠠᠨ ᠪᠠᠶᠢᠨ᠎ᠠ᠃      ︽ᠳᠠᠪᠠᠯᠭᠠᠨ ᠤ ᠴᠣᠩᠬᠤ︾ ᠨᠢ ᠬᠠᠷᠠᠭ᠎ᠠ ᠶᠢ ᠢᠯᠡᠷᠡᠭᠦᠯᠵᠦ᠂ ᠥᠨᠳᠥᠷ ᠪᠦᠲᠦᠮᠵᠢᠲᠡᠶ  ᠦᠢᠯᠡᠴᠢᠯᠡᠭᠡ ᠨᠢ ᠬᠦᠯᠢᠶᠡᠬᠦ ᠥᠬᠡᠶ    ᠲᠤᠬᠠᠶᠢᠯᠠᠭᠰᠠᠨ ᠠᠵᠢᠯ ᠤᠨ ᠨᠣᠶᠠᠨ ᠤᠷᠬᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠢᠨ ︽ᠲᠦᠯᠬᠢᠬᠡᠨ ᠴᠣᠩᠬᠤ︾ ᠳᠤᠬᠢᠷᠠᠭᠤᠯᠵᠤ᠂ ᠣᠬᠤᠷᠬᠠᠨ ᠬᠤᠭᠤᠴᠠᠭᠠᠨ ᠤ ᠶᠡᠭᠡ ᠬᠡᠮᠵᠢᠶᠡᠨ ᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠠᠮᠢᠳᠤᠯᠢᠭ ᠢᠶᠠᠷ ᠠᠷᠭᠠᠴᠠᠭᠠᠪᠠ᠃ ᠡᠩ ᠤᠨ ᠴᠣᠩᠬᠤᠨ ᠳᠤ ᠤᠷᠲᠤ ᠮᠥᠷᠯᠡᠬᠦ ᠦᠶ᠎ᠡ ᠳᠤ ᠂ ︽ᠲᠦᠯᠬᠢᠬᠡᠨ ᠴᠣᠩᠬᠤ︾ ᠦᠳᠲᠡᠷ ᠲᠦᠷᠭᠡᠨ ᠡᠬᠢᠯᠡᠭᠦᠯᠵᠦ᠂ ᠪᠦᠲᠦᠮᠵᠢᠲᠡᠶ ᠰᠠᠯᠭᠠᠨ ᠲᠣᠬᠢᠷᠠᠭᠤᠯᠵᠤ ᠳᠠᠷᠤᠯᠲᠠ ᠶᠢ ᠪᠠᠭᠠᠰᠬᠠᠵᠤ᠂ ᠬᠦᠯᠢᠶᠡᠬᠦ ᠴᠠᠭ ᠢ ᠶᠡᠭᠡ ᠪᠠᠷ ᠪᠣᠭᠤᠨᠢᠰᠬᠠᠪᠠ᠃ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ᠃ ᠴᠣᠩᠬᠤ ᠶᠢ ᠨᠡᠭᠡᠭᠡᠭᠰᠡᠨ ᠠᠴᠠ ᠨᠠᠰᠢ᠂ ᠨᠢᠭᠡᠨᠲᠡ 282 ᠬᠤᠪᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ᠂ ᠮᠠᠰᠢ ᠣᠯᠠᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ︽ᠳᠡᠭᠡᠳᠦ ᠬᠡᠮᠵᠢᠶ᠎ᠡ ᠪᠠᠷ ᠡᠷᠬᠢᠯᠡᠬᠦ︾ ᠲᠦᠷᠦᠯ ᠲᠡᠮᠳᠡᠭ ᠢ ᠪᠠᠶᠢᠭᠤᠯᠵᠤ᠂ ᠰᠡᠳᠬᠢᠯ ᠵᠢᠷᠦᠬᠡ ᠪᠠᠨ ᠬᠤᠯᠪᠣᠵᠤ ᠦᠢᠯᠡᠴᠢᠯᠡᠭᠡ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ    ᠵᠠᠰᠠᠭ ᠤᠨ ᠶᠠᠪᠤᠳᠠᠯ ᠤᠨ ᠲᠥᠪ ᠠᠴᠠ ᠵᠠᠰᠠᠭ ᠤᠨ ᠶᠠᠪᠤᠳᠠᠯ ᠤᠨ ᠬᠠᠪᠰᠤᠷᠤᠨ ᠭᠦᠢᠴᠡᠳᠬᠡᠬᠦ ᠵᠢᠵᠢᠭ ᠲᠠᠰ ᠳᠠᠷᠠᠭᠠᠯᠠᠯ ᠢ ᠪᠠᠶᠢᠭᠤᠯᠵᠤ᠂ ᠵᠠᠭᠤ ᠭᠠᠷᠤᠶ ᠬᠥᠮᠦᠨ ᠤ ᠬᠠᠪᠰᠤᠷᠤᠨ ᠭᠦᠢᠴᠡᠳᠬᠡᠬᠦ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠪᠠ᠃ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠯᠠᠨ ᠲᠦᠮᠡᠨ ᠳᠤ ᠰᠦᠯᠵᠢᠶᠡᠨ ᠳᠡᠭᠡᠷ᠎ᠡ ᠭᠤᠶᠤᠴᠢᠯᠠᠬᠤ ᠠᠴᠠ ᠪᠠᠶᠢᠴᠠᠭᠠᠨ ᠯᠠᠪᠯᠠᠬᠤ ᠬᠦᠷᠲᠡᠯᠡᠬᠢ ᠪᠦᠬᠦ ᠬᠡᠯᠬᠢᠶ᠎ᠡ ᠶᠢᠨ ᠦᠢᠯᠡᠴᠢᠯᠡᠭᠡ ᠬᠠᠩᠭᠠᠨ᠎ᠠ᠃ ᠣᠨᠴᠠᠭᠠᠶᠢᠯᠠᠨ ᠨᠠᠰᠤᠲᠠᠶᠢᠴᠤᠳ ᠵᠡᠷᠭᠡ ᠣᠨᠴᠠᠭᠠᠶ ᠬᠥᠮᠦᠰ ᠲᠤ ᠴᠢᠭᠯᠡᠭᠦᠯᠦᠨ᠂ ᠥᠪᠡᠷᠮᠢᠴᠡ᠂ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠥᠮᠦᠰ ᠤᠨ ᠰᠡᠳᠬᠢᠯ ᠢ ᠨᠡᠩ ᠳᠤᠯᠠᠭᠠᠴᠠᠭᠤᠯᠪᠠ᠃ ᠣᠲᠣ ᠪᠣᠯᠲᠠᠯ᠎ᠠ᠂ ᠰᠦᠯᠵᠢᠶᠡᠨ ᠳᠡᠭᠡᠷ᠎ᠡ ᠨᠢᠭᠡᠨᠲᠡ 4000 ᠭᠠᠷᠤᠶ ᠬᠤᠪᠢ ︽ᠬᠠᠪᠰᠤᠷᠤᠨ ᠭᠦᠢᠴᠡᠳᠬᠡᠬᠦ︾ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠪᠡ᠃      ︽ᠪᠢ ᠤᠯᠠᠨ ᠲᠦᠮᠡᠨ ᠳᠤ ᠪᠠᠷ᠎ᠠ ᠪᠤᠯᠤᠨ ᠶᠠᠪᠤᠵᠤ︾᠂ ᠦᠨᠡᠨ ᠰᠣᠨᠤᠰᠴᠤ ᠦᠨᠡᠨ ᠦᠵᠡᠵᠦ ᠪᠠᠶᠢᠨ᠎ᠠ     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠪᠢ ᠣᠯᠠᠨ ᠲᠦᠮᠡᠨ ‍ᠤ‌ᠦᠢᠯᠡᠴᠢᠯᠡᠭᠡᠨ ᠤ ᠪᠦᠬᠦ ᠶᠠᠪᠤᠴᠠ ᠳᠤ ᠬᠠᠨᠢ  ᠪᠤᠯᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠪᠡᠶ᠎ᠡ ᠪᠠᠷ ᠢᠶᠠᠨ ᠭᠦᠢᠴᠡᠳᠭᠡᠬᠦ᠂ ᠪᠠᠷ᠎ᠠ ᠪᠣᠯᠵᠣ ᠭᠦᠢᠴᠡᠳᠭᠡᠬᠦ  ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠪᠡᠶᠡᠴᠢᠯᠡᠨ ᠣᠶᠢᠯᠠᠭᠠᠵᠤ᠂ ᠰᠠᠨᠠᠯ ᠪᠠ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ᠂  ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠦᠲᠦᠮᠵᠢᠲᠡᠢ ᠣᠶᠢᠯᠠᠭᠠᠵᠤ᠂ ᠤᠯᠠᠨ ᠲᠦᠮᠡᠨ ᠳᠤ ᠨᠡᠩ ᠣᠨᠣᠪᠴᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠨ᠎ᠠ᠃       ᠣᠶᠤᠨᠴᠢ ᠬᠢᠨᠠᠯᠲᠠ ᠲᠠᠯᠪᠢᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ᠂ ᠬᠠᠨᠤᠮᠵᠢ ᠶᠢᠨ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠨᠢᠭᠡ ᠤᠳᠠᠭ᠎ᠠ ᠨᠢᠭᠡ ᠬᠡᠷᠡᠭ ᠶᠠᠪᠤᠳᠠᠯ ᠢ ᠨᠢᠭᠡ ᠦᠨᠡᠯᠡᠬᠦ︾ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠬᠦᠴᠦᠯᠡᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠴᠢᠯᠡᠭᠡᠨ ᠤ ᠦᠷ᠎ᠡ ᠪᠦᠲᠦᠮᠵᠢ ᠳᠤ ᠦᠨᠡᠯᠡᠯᠲᠡ ᠬᠢᠯᠭᠡᠨ᠎ᠡ᠃ ︽ᠰᠠᠶᠢᠨ ᠮᠠᠭᠤ ᠦᠨᠡᠯᠡᠯᠲᠡ︾ ᠶᠢᠨ ᠰᠢᠰᠲ᠋ᠧᠮ ᠢᠶᠠᠷ ᠳᠠᠮᠵᠢᠭᠤᠯᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ᠣᠳᠣᠬᠠᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠰᠠᠨᠠᠭᠠᠴᠢᠯᠠᠭ᠎ᠠ ᠠᠴᠠ ᠪᠠᠨ ᠦᠨᠡᠯᠡᠭᠰᠡᠨ ᠲᠤᠭ᠎ᠠ ᠨᠢᠭᠡᠨᠲᠡ 20 ᠲᠦᠮᠡ ᠶᠢ ᠳᠠᠪᠠᠵᠤ᠂ ᠰᠠᠶᠢᠨ ᠦᠨᠡᠯᠡᠯᠲᠡ ᠶᠢᠨ ᠨᠣᠷᠮ᠎ᠠ 100 % ᠳᠤ ᠬᠦᠷᠴᠡᠶ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号