ᠵᠤᠨ ᠤ ᠤᠯᠠᠷᠢᠯ ᠳᠤ ᠢᠳᠡᠬᠡᠨ ᠤ ᠳᠤᠷᠠᠰᠢᠯ ᠮᠠᠭᠤᠳᠠᠪᠠᠯ ᠶᠠᠭᠠᠬᠢᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2024/9/5
     ᠠᠭᠠᠬᠢᠮ᠎ᠠ ᠬᠠᠯᠠᠭᠤᠨ ᠵᠤᠨ ᠤ ᠤᠯᠠᠷᠢᠯ ᠪᠤᠯᠬᠤ ᠳᠤ ᠤᠯᠠᠩᠬᠢ ᠬᠦᠮᠦᠨ ᠤ ᠢᠳᠡᠬᠡᠨ ᠤ ᠳᠤᠷᠠᠰᠢᠯ ᠮᠠᠭᠤᠳᠠᠳᠠᠭ᠃ ᠬᠦᠮᠦᠨ ᠤ ᠢᠳᠡᠬᠡᠨ ᠤ ᠳᠤᠷᠠᠰᠢᠯ ᠢ ᠨᠦᠯᠦᠬᠡᠯᠡᠬᠦ ᠡᠯᠧᠮᠧᠨ᠋ᠲ ᠤᠯᠠᠨ ᠪᠠᠶᠢᠳᠠᠭ᠂ ᠡᠬᠦᠨ ᠳᠤ ᠪᠡᠶ᠎ᠡ‌‍ᠶᠢᠨ ᠡᠯ᠎ᠡ ᠴᠤᠯᠤ ᠡᠷᠬᠡᠳᠡᠨ ᠤ ᠠᠵᠢᠯᠯᠠᠭ᠎ᠠ᠂ ᠤᠷᠴᠢᠨ ᠳᠤᠭᠤᠷᠢᠨ᠂ ᠳᠠᠨᠢᠨ ᠮᠡᠳᠡᠷᠡᠬᠦᠢ᠂ ᠰᠡᠳᠬᠢᠯᠬᠡ ᠵᠢᠨ‌ᠡᠯᠧᠮᠧᠨ᠋ᠲ ᠵᠡᠷᠬᠡ ᠪᠠᠭᠳᠠᠨ᠎ᠠ᠃ ︽ᠬᠦᠮᠦᠨ ᠬᠤᠭᠤᠯᠠ ᠪᠠᠷ᠂ ᠬᠦᠯᠦᠭ ᠡᠪᠡᠰᠤ ᠪᠠᠷ︾ ᠬᠡᠳᠡᠭᠴᠢᠯᠡᠨ ᠢᠳᠡᠬᠡᠨ ‍ᠤ‌‍ᠲ᠋ᠤᠷᠠᠰᠢᠯ ᠮᠠᠭᠤᠳᠠᠪᠠᠯ ᠬᠦᠮᠦᠨ ᠤ ᠪᠡᠶ᠎ᠡ ᠶᠢᠨ ᠡᠷᠡᠬᠦᠯ ᠮᠡᠨᠳᠤ ᠶᠢ ᠨᠦᠯᠦᠬᠡᠯᠡᠳᠡᠭ᠃              ᠳᠡᠬᠡᠪᠡᠯ ᠵᠤᠨ ᠤ ᠤᠯᠠᠷᠢᠯ ᠳᠤ ᠢᠳᠡᠬᠡᠨ ᠤ ᠳᠤᠷᠠᠰᠢᠯ ᠢᠶᠠᠨ ᠬᠡᠷᠬᠢᠨ ᠰᠠᠶᠢᠵᠢᠷᠠᠭᠤᠯᠬᠤ ᠪᠤᠢ︖             ᠢᠳᠡᠬᠡᠨ ᠤ ᠦᠩᠬᠡ ᠶᠢ ᠤᠷᠠᠨ ᠢᠶᠠᠷ ᠳᠤᠬᠢᠷᠠᠭᠤᠯᠤᠨ᠎ᠠ             ᠦᠩᠬᠡ ᠨᠢ ᠳᠡᠩᠴᠡᠭᠰᠡᠨ ᠢᠳᠡᠬᠡᠨ ᠤᠮᠳᠠᠭᠠᠨ ᠨᠢ ᠬᠠᠷᠠᠭᠠᠨ ᠰᠡᠷᠡᠯ ᠢ ᠪᠠᠶᠠᠰᠬᠠᠵᠤ᠂ ᠬᠦᠮᠦᠨ ᠤ ᠢᠳᠡᠬᠦ‌‍ᠲ᠋ᠤᠷᠠᠰᠢᠯ ᠢ ᠨᠡᠮᠡᠭᠳᠡᠬᠦᠯᠳᠡᠭ᠃ ᠰᠢᠨ᠎ᠡ ᠰᠤᠷᠭᠤᠭ ᠨᠤᠭᠤᠭᠠᠨ ᠨᠠᠪᠴᠢᠳᠤ ᠨᠤᠭᠤᠭ᠎ᠠ ᠨᠢ ᠬᠠᠯᠠᠭᠤᠨ ᠢ ᠳᠠᠶᠢᠯᠬᠤ ᠤᠨᠴᠠ ᠦᠢᠯᠡᠳᠤᠯ ᠲᠠᠢ ᠪᠠᠶᠢᠳᠠᠭ᠃ ᠳᠤᠯᠠᠭᠠᠨ ᠦᠩᠬᠡ ᠶᠢᠨ ᠦᠩᠬᠡᠳᠤ ᠯᠠᠵᠤᠤ᠂ ᠲᠦᠪᠡᠳ ᠬᠠᠰᠢ᠂ᠬᠤᠯᠤᠤᠪᠠᠩ ᠨᠢ ᠬᠦᠮᠦᠰ ᠲᠤ ᠠᠮᠢᠵᠢᠷᠠᠯ ᠤᠨ ᠬᠦᠴᠦᠨ ᠪᠠ ᠪᠠᠶᠠᠷ ᠪᠠᠭ᠋ᠠᠳᠤᠯ ᠢ ᠲᠦᠷᠦᠭᠳᠡᠬᠦᠯᠵᠤ᠂ ᠢᠳᠡᠬᠡᠨ ᠤ ᠳᠤᠷᠠᠰᠢᠯ ᠢ ᠨᠡᠮᠡᠭᠳᠡᠬᠦᠯᠳᠡᠭ᠃ ᠠᠮᠢᠳᠤᠷᠠᠯ ᠳᠤᠮᠳᠠ ᠪᠠᠨ ᠪᠠᠰᠠ ᠠᠯᠢ ᠴᠢᠳᠠᠬᠤ ᠪᠠᠷ ᠭᠤᠤᠯ ᠢᠳᠡᠬᠡᠨ ᠤ ᠲᠦᠷᠦᠯ ᠵᠦᠢᠯ ᠢ ᠪᠠᠶᠠᠯᠢᠭᠵᠢᠭᠤᠯᠵᠤ᠂ ᠬᠠᠷ᠎ᠠ ᠪᠤᠳᠠᠭ᠎ᠠ᠂ ᠨᠠᠷᠢᠮᠤ᠂ ᠤᠯᠠᠭᠠᠨ ᠪᠤᠷᠴᠠᠭ᠂ ᠨᠤᠭᠤᠭᠠᠨ ᠪᠤᠷᠴᠠᠭ ᠵᠡᠷᠬᠡ ᠡᠯᠳᠡᠪ‌ᠦᠩᠬᠡ ᠶᠢᠨ ᠨᠠᠷᠢᠮᠤ᠂ ᠲᠦᠮᠦᠰᠤ ᠶᠢᠨ ᠵᠦᠢᠯ ᠪᠠ ᠬᠤᠯᠢᠮᠠᠭ ᠪᠤᠷᠴᠠᠭ ᠤᠨ ᠵᠦᠢᠯ ᠢ ᠳᠤᠬᠢᠷᠠᠭᠤᠯᠤᠨ ᠢᠳᠡᠵᠤ ᠪᠤᠯᠤᠨ᠎ᠠ᠃       ᠪᠠᠶᠢᠭᠠᠯᠢᠯᠢᠭ ᠠᠮᠳᠠ ᠲᠠᠢ ᠬᠦᠨᠡᠰᠤᠨ ᠤ ᠮᠠᠲ᠋ᠧᠷᠢᠶᠠᠯ ᠢ ᠰᠤᠩᠭᠤᠭᠠᠷᠠᠢ             ᠵᠠᠷᠢᠮ ᠪᠠᠶᠢᠭᠠᠯᠢᠯᠢᠭ ᠬᠦᠨᠡᠰᠤᠨ ᠤ ᠮᠠᠲ᠋ᠧᠷᠢᠶᠠᠯ ᠨᠢ ᠰᠢᠬᠢᠷᠯᠢᠭ ᠪᠤᠶᠤ ᠱᠤᠷᠪᠤᠭ ᠠᠮᠳᠠ ᠲᠠᠢ ᠪᠠᠶᠢᠳᠠᠭ᠂ᠬᠤᠭᠤᠯᠠ ᠬᠢᠬᠦ ᠳᠤ ᠪᠠᠨ ᠳᠤᠬᠢᠷᠠᠭᠤᠯᠵᠤ ᠬᠡᠷᠡᠭᠯᠡᠪᠡᠯ ᠢᠳᠡᠬᠡᠨ ᠤᠮᠳᠠᠭᠠᠨ ᠢ ᠨᠡᠩ ᠠᠮᠳᠠᠳᠠᠢ ᠪᠤᠯᠭᠠᠳᠠᠭ᠃       ᠵᠢᠱᠢᠶᠡᠯᠡᠪᠡᠯ ᠰᠢᠬᠢᠷᠯᠢᠭ ᠴᠠᠭᠠᠨ ᠨᠤᠭᠤᠭ᠎ᠠ᠂ ᠠᠮᠳᠠᠳᠤ ᠲᠦᠮᠦᠰᠤ᠂ ᠤᠯᠠᠭᠠᠨ ᠴᠢᠪᠠᠭ᠎ᠠ ᠵᠡᠷᠬᠡ ᠪᠠᠷ ᠰᠢᠩᠬᠡᠨ ᠪᠤᠳᠠᠭ᠎ᠠ ᠴᠢᠨᠠᠵᠤ ᠢᠳᠡᠪᠡᠯ ᠰᠢᠬᠢᠷᠯᠢᠭ ᠮᠦᠷᠳᠡᠬᠡᠨ ᠰᠢᠮ᠎ᠡ ᠳᠡᠵᠢᠬᠡᠯ ᠲᠠᠢ ᠪᠠᠶᠢᠳᠠᠭ᠃ ᠳᠠᠯᠠᠢ ᠶᠢᠨ ᠭᠠᠷᠤᠯᠳᠠ᠂ᠮᠦᠬᠦ ᠶᠢᠨ ᠵᠦᠢᠯ ᠪᠠ ᠡᠯ᠎ᠡ ᠵᠦᠢᠯ ᠤᠨ ᠮᠢᠬᠠᠨ ᠤ ᠲᠦᠷᠦᠯ ᠨᠢ ᠰᠢᠨ᠎ᠡ ᠰᠤᠷᠭᠤᠭ ᠱᠤᠷᠪᠤᠭ ᠠᠮᠳᠠ  ᠲᠠᠢ ᠪᠤᠯᠬᠤᠷ‌ᠢᠳᠡᠬᠡᠨ ᠤ ᠳᠤᠷᠠᠰᠢᠯ ᠢ ᠨᠡᠮᠡᠭᠳᠡᠬᠦᠯᠬᠦ ᠦᠢᠯᠡᠳᠤᠯ ᠲᠠᠢ᠃ ᠡᠬᠦᠨ ᠠᠴᠠ ᠭᠠᠳᠠᠨ᠎ᠠ ᠪᠠᠰᠠ ᠦᠪᠡᠷᠮᠢᠴᠡ ᠦᠨᠦᠷ ᠲᠠᠢ ᠰᠤᠩᠬᠢᠨ᠎ᠠ᠂ ᠭᠠ᠂ ᠰᠠᠷᠢᠮᠰᠠᠭ᠂ ᠦᠨᠦᠷᠳᠤ ᠨᠤᠭᠤᠭ᠎ᠠ ᠵᠡᠷᠬᠡ ᠪᠠᠶᠢᠭᠠᠯᠢᠯᠢᠭ ᠬᠦᠨᠡᠰᠤᠨ ᠤ ᠮᠠᠲ᠋ᠧᠷᠢᠶᠠᠯ ᠪᠤᠯᠤᠨ‌ᠠᠮᠳᠠ ᠤᠷᠤᠭᠤᠯᠬᠤ ᠡᠳ᠋ ᠢᠶᠠᠷ ᠬᠤᠭᠤᠯᠠᠨ ᠤ ᠪᠠᠨ ᠠᠮᠳᠠ ᠶᠢ ᠨᠡᠮᠡᠭᠳᠡᠬᠦᠯᠵᠤ ᠪᠤᠯᠤᠨ᠎ᠠ᠃
 
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号