1 ᠰᠠᠷ᠎ᠠ ᠶᠢᠨ 3 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ | ᠠᠬᠤᠶᠢᠯᠠᠯ ︱ ᠪᠣᠭᠤᠳᠣ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ︵ᠰᠲ᠋ᠣᠺ ᠤᠨ ᠲᠣᠪᠴᠢ ᠨᠡᠷᠡᠶᠢᠳᠦᠯ᠄ ᠲᠢᠶᠠᠨ ᠾᠧ ᠰᠣᠷᠢᠨᠵᠢᠨ ᠮᠠᠲ᠋ᠧᠷᠢᠶᠠᠯ | ︔ ᠰᠲ᠋ᠣᠺ ᠤᠨ ᠺᠣᠳ᠋᠄ 603072︶ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠭᠤᠣᠯ | ᠰᠠᠮᠪᠠᠷ᠎ᠠ ᠳᠤ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠪᠠ᠃ ᠲᠣᠰ ᠺᠣᠮᠫᠠᠨᠢ ᠪᠣᠯ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠡᠬᠢᠯᠡᠯᠲᠡ ᠶᠢᠨ ᠣᠨ ᠤ ᠠᠩᠬᠠᠳᠠᠭᠴᠢ ᠬᠤᠪᠢ᠂ | ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠭᠤᠣᠯ ᠰᠠᠮᠪᠠᠷ᠎ᠠ ᠶᠢᠨ 2025 ᠣᠨ ᠤ | ᠡᠬᠢᠯᠡᠯᠲᠡ ᠶᠢᠨ ᠣᠨ ᠤ ᠠᠩᠬᠠᠳᠠᠭᠴᠢ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠣᠯᠣᠨ᠎ᠠ᠃ | | | | | | ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠲᠣᠰ ᠤᠳᠠᠭ᠎ᠠ ᠢᠯᠡ ᠪᠠᠷ ᠲᠠᠷᠬᠠᠭᠠᠭᠰᠠᠨ ᠬᠤᠪᠢ ᠨᠢ 6607 | ᠲᠦᠮᠡᠨ ᠬᠤᠪᠢ ᠪᠠᠶᠢᠵᠤ᠂ ᠲᠠᠷᠬᠠᠭᠠᠭᠰᠠᠨ ᠦᠨ᠎ᠡ ᠨᠢ ᠬᠤᠪᠢ ᠪᠦᠷᠢ ᠳᠡᠭᠡᠨ 12.30 ᠲᠥᠭᠦᠷᠢᠭ᠂ ᠲᠠᠷᠬᠠᠭᠠᠭᠰᠠᠨ | ᠠᠰᠢᠭ ᠣᠯᠵᠠᠪᠤᠷᠢ ᠶᠢᠨ ᠨᠣᠷᠮ᠎ᠠ ᠨᠢ 20.13 ᠳᠠᠬᠢᠨ ᠪᠣᠯᠣᠨ᠎ᠠ᠃ ᠲᠣᠰ ᠤᠳᠠᠭᠠᠨ ᠤ ᠲᠠᠷᠬᠠᠭᠠᠯᠲᠠ ᠳᠤ | ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠰᠦᠯᠵᠢᠶᠡᠨ ᠭᠠᠳᠠᠨ᠎ᠠ ᠲᠠᠷᠬᠠᠭᠠᠭᠰᠠᠨ ᠬᠠᠮᠤᠭ ᠡᠴᠦᠰ ᠤᠨ ᠲᠤᠭ᠎ᠠ 1321.40 ᠲᠦᠮᠡᠨ ᠬᠤᠪᠢ ᠪᠠᠶᠢᠵᠤ᠂ | ᠰᠦᠯᠵᠢᠶᠡᠨ ᠳᠡᠭᠡᠷ᠎ᠡ ᠲᠠᠷᠬᠠᠭᠠᠭᠰᠠᠨ ᠬᠠᠮᠤᠭ ᠡᠴᠦᠰ ᠤᠨ ᠲᠤᠭ᠎ᠠ 5285.60 ᠲᠦᠮᠡᠨ ᠬᠤᠪᠢ ᠪᠣᠯᠣᠨ᠎ᠠ᠃ | ᠥᠨᠥᠳᠥᠷ ᠤᠨ ᠰᠲ᠋ᠣᠺ ᠤᠨ ᠦᠨ᠎ᠡ ᠨᠢᠭᠡ ᠦᠶ᠎ᠡ 7 ᠳᠠᠬᠢᠨ ᠥᠰᠴᠦ᠂ 100 ᠲᠥᠭᠦᠷᠢᠭ / ᠰᠲ᠋ᠣᠺ ᠲᠤ ᠬᠦᠷᠴᠡᠢ | ᠃ | | | | | | ᠲᠢᠶᠠᠨ ᠾᠧ ᠰᠣᠷᠢᠨᠵᠢᠨ ᠮᠠᠲ᠋ᠧᠷᠢᠶᠠᠯ ᠨᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ | ᠦᠢᠯᠡᠳᠬᠦ ᠪᠦᠬᠦ ᠶᠠᠪᠤᠴᠠ ᠶᠢᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠤᠷᠳᠤ ᠬᠤᠭᠤᠴᠠᠭᠠᠨ ᠤ ᠲᠤᠷᠰᠢ ᠥᠨᠳᠥᠷ ᠴᠢᠳᠠᠪᠬᠢ ᠲᠠᠢ ᠪᠠᠷ ᠲᠡᠮᠦᠷ ᠪᠤᠷ ᠢ | ᠰᠢᠲᠠᠭᠠᠨ ᠪᠠᠷᠢᠯᠳᠤᠭᠤᠯᠬᠤ᠂ ᠰᠠᠮᠠᠷᠢ ᠺᠣᠪᠠᠯᠲ ᠤᠨ ᠮᠠᠲ᠋ᠧᠷᠢᠶᠠᠯ ᠢ ᠨᠠᠶᠢᠷᠠᠯᠭ᠎ᠠ ᠲᠠᠢ ᠰᠤᠳᠤᠯᠤᠨ ᠦᠢᠯᠡᠳᠬᠦ᠂ | ᠮᠡᠷᠭᠡᠵᠢᠯ ᠤᠨ ᠤᠷ᠎ᠠ ᠮᠡᠷᠭᠡᠰᠢᠯ ᠤᠨ ᠰᠢᠨ᠎ᠡ ᠶᠢ ᠡᠭᠦᠳᠬᠦ ᠵᠢᠴᠢ ᠭᠤᠣᠯ ᠵᠠᠩᠭᠢᠯᠠᠭ᠎ᠠ ᠶᠢᠨ ᠲᠤᠨᠤᠭ ᠲᠥᠬᠦᠭᠡᠷᠦᠮᠵᠢ ᠶᠢ | ᠰᠤᠳᠤᠯᠤᠨ ᠦᠢᠯᠡᠳᠬᠦ ᠪᠠᠷ ᠴᠢᠷᠮᠠᠶᠢᠪᠠ᠃ | ᠬᠤᠪᠢ ᠡᠯᠰᠡᠬᠦ ᠪᠢᠴᠢᠭ ᠲᠤ ᠢᠯᠡᠷᠡᠭᠦᠯᠦᠭᠰᠡᠨ ᠢᠶᠠᠷ᠂ 2024 ᠣᠨ ᠤ 6 ᠰᠠᠷ᠎ᠠ ᠶᠢᠨ 30 ᠤ ᠡᠳᠦᠷ | ᠪᠣᠯᠲᠠᠯ᠎ᠠ᠂ ᠲᠢᠶᠠᠨ ᠾᠧ ᠰᠣᠷᠢᠨᠵᠢᠨ ᠮᠠᠲ᠋ᠧᠷᠢᠶᠠᠯ ᠳᠤ ᠨᠡᠶᠢᠲᠡ 105 ᠵᠦᠢᠯ ᠤᠨ ᠲᠤᠰᠬᠠᠢ ᠠᠰᠢᠭ ᠤᠨ ᠡᠷᠬᠡ | ᠣᠯᠭᠤᠪᠠ᠂ ᠡᠭᠦᠨ ᠳᠤ᠂ ᠠᠮᠧᠷᠢᠺᠠ᠂ ᠡᠸᠦ᠋ᠷᠦᠫᠡ᠂ ᠶᠠᠫᠤᠨ ᠵᠡᠷᠭᠡ ᠤᠯᠤᠰ ᠪᠠ ᠭᠠᠵᠠᠷ ᠣᠷᠣᠨ ᠤ 47 ᠵᠦᠢᠯ ᠤᠨ | ᠲᠤᠰᠬᠠᠢ ᠠᠰᠢᠭ ᠤᠨ ᠡᠷᠬᠡ᠂ ᠤᠯᠤᠰ ᠤᠨ ᠳᠣᠲᠣᠭᠠᠳᠤ ᠶᠢᠨ 58 ᠵᠦᠢᠯ ᠤᠨ ᠲᠤᠰᠬᠠᠢ ᠠᠰᠢᠭ ᠤᠨ ᠡᠷᠬᠡ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠯᠤᠰ ᠤᠨ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ | ᠲᠥᠪ ᠢᠶᠠᠷ ᠦᠨᠡᠯᠡᠭᠳᠡᠵᠦ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ ᠪᠠᠶᠢᠭᠤᠯᠬᠤ ᠪᠠᠷ ᠵᠥᠪᠰᠢᠶᠡᠷᠡᠭᠳᠡᠵᠡᠢ᠃ | | | | | | ᠲᠡᠷᠢᠭᠦᠨ ᠤ ᠮᠡᠷᠭᠡᠵᠢᠯ ᠳᠤ ᠲᠦᠰᠢᠭᠯᠡᠨ᠂ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠬᠦᠴᠦ ᠪᠠᠷ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡ ᠵᠢᠴᠢ ᠮᠠᠰᠢᠨ ᠲᠡᠷᠭᠡᠨ ᠤ ᠰᠡᠯᠪᠢᠭ | ᠲᠣᠨᠤᠭ᠂ ᠡᠨᠧᠷᠭᠢ ᠠᠷᠪᠢᠯᠠᠬᠤ ᠭᠡᠷ ᠤᠨ ᠴᠠᠬᠢᠯᠭᠠᠨ ᠬᠡᠷᠡᠭᠰᠡᠯ ᠵᠡᠷᠭᠡ ᠬᠦᠷᠢᠶᠡᠨ ᠳᠠᠬᠢ ᠬᠤᠪᠣᠷ ᠰᠢᠷᠣᠢ ᠶᠢᠨ | ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠯ ᠢ ᠥᠷᠭᠡᠳᠬᠡᠨ᠎ᠡ᠃ ᠤᠷᠢᠳ ᠬᠤᠵᠢᠳ ᠱᠠᠩᠬᠠᠢ ᠶᠢᠨ | ᠴᠠᠬᠢᠯᠭᠠᠨ᠂ ᠳᠣᠷᠣᠨᠠᠳᠠᠬᠢᠨ ᠤ ᠴᠠᠬᠢᠯᠭᠠᠨ᠂ ᠴᠠᠩᠴᠧᠩ ᠮᠠᠰᠢᠨ ᠲᠡᠷᠭᠡ᠂ ᠫᠷᠦᠶᠢᠮ᠂ ᠹᠠᠯᠸᠢᠢᠤ᠋᠂ ᠳᠤᠮᠳᠠᠳᠤ | ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠰᠠᠨ ᠶᠠᠩ᠂ ᠱᠠᠩᠬᠠᠢ ᠶᠢᠨ ᠬᠠᠶᠢᠯᠢ᠂ ᠰᠢᠩ ᠯᠢᠨ ᠡᠯᠧᠺᠲᠷᠣᠨ᠂ | ᠳ᠋ᠠ ᠵᠦᠩ ᠮᠠᠰᠢᠨ ᠲᠡᠷᠭᠡ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠦᠵᠦᠭᠦᠷ ᠤᠨ ᠵᠣᠴᠢᠨ ᠡᠷᠦᠬᠡ ᠲᠠᠢ | ᠬᠠᠮᠲᠤᠷᠠᠯᠴᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠡᠬᠡ ᠬᠠᠭᠤᠷᠠᠢ᠂ ᠡᠸᠦ᠋ᠷᠦᠫᠡ ᠠᠮᠧᠷᠢᠺᠠ᠂ ᠶᠠᠫᠤᠨ ᠺᠣᠷᠢᠶᠠ | ᠵᠡᠷᠭᠡ ᠭᠠᠵᠠᠷ ᠲᠤ ᠲᠦᠭᠡᠭᠰᠡᠨ ᠪᠦᠬᠦ ᠪᠥᠮᠪᠥᠷᠴᠡᠭ ᠤᠨ ᠪᠣᠷᠤᠯᠠᠭᠤᠯᠭ᠎ᠠ ᠶᠢᠨ ᠲᠣᠣᠷ ᠢ ᠠᠮᠵᠢᠯᠲᠠ ᠲᠠᠢ ᠪᠠᠶᠢᠭᠤᠯᠵᠠᠢ᠃ | | ᠣᠶᠢᠷ᠎ᠠ ᠶᠢᠨ ᠵᠢᠯ ᠠᠴᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠬᠠᠷᠢᠶ᠎ᠠ | ᠣᠷᠣᠨ ᠤ ᠪᠠᠨ ᠰᠢᠯᠢᠳᠡᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠵᠢᠯ ᠢ ᠢᠳᠡᠪᠬᠢᠲᠡᠢ ᠠᠬᠢᠭᠤᠯᠵᠤ᠂ | ︽ᠨᠢᠭᠡ ᠨᠢᠭᠡ ᠪᠠᠷ ᠬᠠᠷᠠᠭᠠᠯᠵᠠᠬᠤ︾ ᠠᠵᠤ ᠠᠬᠤᠶᠢᠯᠠᠯ ᠤᠨ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ | ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠪᠣᠯᠣᠨ ᠬᠢᠨᠠᠨ ᠬᠠᠷᠭᠤᠭᠤᠯᠤᠭᠰᠠᠨ | ᠪᠠᠶᠢᠳᠠᠯ ᠢ ᠴᠠᠭ ᠲᠤᠬᠠᠢ ᠳᠤᠨᠢ ᠳᠠᠮᠵᠢᠭᠤᠯᠪᠠ᠃ ᠡᠨᠡ ᠤᠳᠠᠭ᠎ᠠ ᠶᠢᠨ ᠲᠢᠶᠠᠨ ᠡᡁᠸ ᠰᠣᠷᠢᠨᠵᠢᠨ ᠮᠠᠲ᠋ᠧᠷᠢᠶᠠᠯ ᠢ | ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠭᠠᠷᠭᠠᠭᠰᠠᠨ ᠨᠢ ᠣᠶᠢᠷ᠎ᠠ ᠶᠢᠨ ᠨᠢᠭᠡ ᠰᠠᠷ᠎ᠠ ᠶᠢᠨ | ᠲᠤᠷᠰᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ | ᠵᠠᠬ᠎ᠠ ᠳᠡᠯᠭᠡᠭᠦᠷ ᠲᠤ ᠭᠠᠷᠤᠭᠰᠠᠨ ᠬᠤᠶᠠᠳᠤᠭᠠᠷ ᠠᠵᠤ ᠠᠬᠤᠶᠢᠯᠠᠯ ᠪᠣᠯᠵᠠᠢ᠃ | ᠣᠲᠣ ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠭᠰᠠᠨ ᠭᠤᠣᠯ ᠺᠣᠮᠫᠠᠨᠢ 4᠂ ᠦᠢᠯᠡᠰ ᠴᠣᠭᠴᠠᠯᠠᠬᠤ ᠰᠲ᠋ᠣᠺ ᠢᠶᠠᠨ ᠵᠠᠬ᠎ᠠ ᠳᠡᠯᠭᠡᠭᠦᠷ ᠲᠤ | ᠭᠠᠷᠭᠠᠭᠰᠠᠨ ᠠᠵᠤ ᠠᠬᠤᠶᠢᠯᠠᠯ 2᠂ ᠭᠤᠷᠪᠠᠳᠤᠭᠠᠷ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠰᠢᠨ᠎ᠡ ᠠᠵᠤ | ᠠᠬᠤᠶᠢᠯᠠᠯ 6 ᠪᠣᠶ᠃ |