2024 ᠣᠨ ᠤ 1 ︱ 11 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 79.25 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠨ᠂ 1 ︱ 10 ᠰᠠᠷ᠎ᠠ ᠶᠢᠨ | ᠨᠡᠮᠡᠭᠳᠡᠯ ᠤᠨ ᠬᠤᠷᠳᠤᠴᠠ ᠠᠴᠠ 0.3 ᠵᠠᠭᠤᠨ ᠤ ᠨᠢᠭᠡᠴᠢ ᠲᠦᠷᠭᠡᠨ ᠪᠣᠯᠵᠤ᠂ ᠪᠥᠬᠦ ᠬᠤᠲᠠ ᠶᠢᠨ ᠳᠤᠮᠳᠠᠴᠢ ᠬᠢᠷᠢ | ᠲᠦᠪᠰᠢᠨ ᠠᠴᠠ 0.7 ᠵᠠᠭᠤᠨ ᠤ ᠨᠢᠭᠡᠴᠢ ᠥᠨᠳᠥᠷ ᠪᠣᠯᠵᠠᠢ᠃ | | | | | | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠷᠪᠠᠳᠤᠭᠠᠷ ᠠᠵᠤ ᠦᠢᠯᠡᠰ ᠤᠨ ᠬᠡᠷᠡᠭᠯᠡᠭᠡ | ᠨᠢ ᠣᠯᠠᠨ ᠡᠰᠢᠵᠢᠨ ᠲᠠᠰ ᠳᠡᠪᠰᠢᠬᠦ ᠬᠠᠨᠳᠤᠰᠢ ᠶᠢ ᠢᠯᠡᠷᠡᠭᠦᠯᠵᠦ᠂ ᠮᠠᠰᠢᠨ ᠲᠡᠷᠭᠡᠨ ᠤ ᠬᠡᠷᠡᠭᠯᠡᠭᠡ ᠨᠢ ᠨᠠᠩ | ᠬᠦᠴᠦᠲᠡᠢ ᠪᠠᠶᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ 46.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 18.3% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ ᠶᠢᠨ 94% ᠶᠢ ᠡᠵᠡᠯᠡᠵᠦ᠂ ᠪᠥᠬᠦ ᠲᠤᠭ᠎ᠠ ᠶᠢ ᠰᠢᠭᠤᠳ 17 ᠵᠠᠭᠤᠨ ᠤ ᠨᠢᠭᠡᠴᠢ | ᠨᠡᠮᠡᠭᠳᠡᠭᠦᠯᠵᠡᠢ᠃ ᠡᠭᠦᠨ ᠳᠤ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠬᠡᠷᠡᠭᠯᠡᠭᠡ ᠣᠯᠠᠨ ᠤ | ᠠᠩᠬᠠᠷᠤᠯ ᠢ ᠲᠠᠲᠠᠵᠤ᠂ 1-11 ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ ᠮᠠᠰᠢᠨ ᠲᠡᠷᠭᠡᠨ ᠤ ᠶᠡᠷᠦᠩᠬᠡᠢ | ᠪᠣᠷᠣᠯᠠᠭᠤᠯᠤᠯᠲᠠ ᠶᠢᠨ ᠬᠡᠮᠵᠢᠶ᠎ᠡ ᠶᠢᠨ 35% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 25% ᠪᠠᠷ | ᠨᠡᠮᠡᠭᠳᠡᠵᠡᠢ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠭᠴᠢᠳ ᠤᠨ ᠲᠠᠭᠠᠰᠢᠶᠠᠯ ᠢ ᠣᠯᠵᠤ᠂ ᠪᠣᠬᠢᠷᠲᠤᠯ ᠦᠭᠡᠢ | ᠠᠶᠠᠯᠠᠯ ᠤᠨ ᠣᠶᠢᠯᠠᠭᠠᠭᠳᠠᠬᠤᠨ ᠤᠯᠠᠮ ᠢᠶᠠᠷ ᠬᠥᠮᠥᠰ ᠤᠨ ᠰᠡᠳᠬᠢᠯ ᠳᠤ ᠬᠠᠳᠠᠩᠰᠢᠪᠠ᠃ | 1— 11 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠮᠠᠰᠢᠨ ᠲᠡᠷᠭᠡᠨ ᠤ | ᠬᠤᠳᠠᠯᠳᠤᠭᠠᠨ ᠤ ᠵᠡᠭᠡᠯᠢ ᠳᠤ ᠰᠠᠭᠤᠷᠢᠯᠠᠨ᠂ ᠰᠢᠨ᠎ᠡ ᠵᠢᠯ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠂ ᠲᠠᠪᠤᠨ | ᠰᠠᠷ᠎ᠠ ᠶᠢᠨ ᠨᠢᠭᠡᠨ ᠤ ᠠᠮᠠᠷᠠᠯᠲᠠ ᠶᠢ ᠤᠷᠠᠨ ᠢᠶᠠᠷ ᠬᠡᠷᠡᠭᠯᠡᠨ 212 ᠲᠠᠯᠠᠪᠤᠷ ᠪᠣᠷᠤᠯᠠᠭᠤᠯᠭ᠎ᠠ ᠶᠢ ᠠᠬᠢᠭᠤᠯᠬᠤ | ᠠᠵᠢᠯᠯᠠᠭ᠎ᠠ ᠡᠷᠭᠢᠯᠡᠵᠦ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠰᠣᠯᠢᠯᠴᠠᠭᠠᠨ ᠤ ᠬᠤᠷᠠᠯ ᠢ 2 ᠲᠠᠯᠠᠪᠤᠷ ᠬᠤᠷᠠᠯᠳᠤᠭᠤᠯᠵᠤ᠂ ᠲᠤᠰᠬᠠᠢ ᠬᠥᠮᠥᠨ ᠲᠣᠬᠢᠷᠠᠭᠤᠯᠤᠨ ᠮᠠᠰᠢᠨ | ᠲᠡᠷᠭᠡ ᠪᠣᠷᠣᠯᠠᠭᠤᠯᠬᠤ ᠠᠵᠤ ᠠᠬᠤᠶᠢᠯᠠᠯ ᠳᠤ ᠬᠦᠷᠴᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ | ᠬᠢᠬᠦ ᠶᠢ ᠰᠢᠪᠠᠳᠠᠨ ᠱᠠᠭᠠᠷᠳᠠᠵᠤ᠂ ᠬᠡᠷᠡᠭᠯᠡᠭᠴᠢᠳ ᠲᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠷᠲᠡᠭᠡᠪᠡ᠃ | ᠬᠤᠳᠠᠯᠳᠤᠭᠠᠴᠢᠳ ᠱᠠᠩᠨᠠᠯ ᠤᠨ ᠰᠢᠪᠠᠭ᠎ᠠ ᠰᠤᠭᠤᠯᠬᠤ ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ | ᠶᠠᠪᠤᠭᠤᠯᠵᠤ᠂ ᠶᠡᠭᠡ ᠬᠡᠮᠵᠢᠶᠡᠨ ᠤ ᠠᠶᠠᠨᠴᠢᠳ ᠤᠨ ᠠᠩᠬᠠᠷᠤᠯ ᠢ ᠲᠠᠲᠠᠵᠤ ᠪᠠᠶᠢᠨ᠎ᠠ᠃ | 2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ | ᠰᠢᠨᠡᠳᠬᠡᠬᠦ ᠪᠠ 2024 ᠣᠨ ᠤ 9 ᠳ᠋ᠦᠭᠡᠷ ᠰᠠᠷ᠎ᠠ ᠶᠢᠨ 9 ᠤ ᠡᠳᠦᠷ ᠮᠠᠰᠢᠨ ᠲᠡᠷᠭᠡ ᠶᠢ ᠰᠣᠯᠢᠵᠤ ᠰᠢᠨᠡᠳᠬᠡᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠣᠷᠣᠨ ᠨᠡᠶᠢᠲᠡ 2.03 ᠲᠦᠮᠡᠨ | ᠬᠥᠮᠥᠨ ᠳᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠ ᠮᠠᠰᠢᠨ ᠲᠡᠷᠭᠡ ᠶᠢ ᠰᠣᠯᠢᠵᠤ ᠰᠢᠨᠡᠳᠬᠡᠬᠦ | ᠨᠥᠬᠦᠪᠦᠷᠢ ᠶᠢᠨ ᠪᠡᠯᠡ ᠮᠥᠩᠭᠦ ᠶᠢ 3.2 ᠳ᠋ᠦᠩᠰᠢᠭᠤᠷ ᠲᠥᠭᠦᠷᠢᠭ ᠲᠠᠷᠬᠠᠭᠠᠪᠠ᠃ | |