ᠵᠣᠬᠢᠶᠠᠮᠠᠯ ᠣᠶᠤᠨᠯᠢᠭ ᠴᠢᠳᠠᠪᠦᠷᠢ + ᠰᠤᠷᠭᠠᠨ ᠬᠥᠮᠦᠵᠢᠯ | | | | | | 1 ᠰᠠᠷ᠎ᠠ ᠶᠢᠨ 7 ᠤ ᠡᠳᠦᠷ᠂ 2025 ᠪᠥᠬᠦ ᠤᠯᠤᠰ ᠤᠨ ᠵᠣᠬᠢᠶᠠᠮᠠᠯ ᠣᠶᠤᠨᠯᠢᠭ ᠴᠢᠳᠠᠪᠦᠷᠢ + ᠰᠤᠷᠭᠠᠨ | ᠬᠥᠮᠦᠵᠢᠯ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠵᠢᠴᠢ AI ᠰᠤᠷᠭᠠᠭᠤᠯᠢ ᠬᠢᠭᠡᠳ AI ᠳᠠᠪᠲᠠᠯᠭ᠎ᠠ ᠶᠢᠨ | ᠲᠠᠰᠤᠭ ᠤᠨ ᠨᠡᠶᠢᠯᠡᠯ ᠵᠠᠭᠪᠤᠷ ᠤᠨ ᠰᠤᠳᠤᠯᠤᠨ ᠶᠠᠷᠢᠯᠴᠠᠬᠤ ᠬᠤᠷᠠᠯ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠳᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠨ ᠯᠢ᠂ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ | ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠦᠢ ᠰᠢᠩ᠂ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤ ᠬᠠᠢ ᠹᠧᠩ᠂ | ᠾᠧᠩ ᠱᠦᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠭᠦᠰᠬᠡᠨ ᠪᠠᠶᠢᠭᠤᠯᠤᠭᠴᠢ᠂ ᠾᠧᠩ ᠱᠦᠢ ᠲᠠᠢ ᠭᠦᠳ | ᠰᠤᠷᠭᠠᠨ ᠬᠥᠮᠦᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠴᠦᠨ ᠭᠠᠩ᠂ OK ᠣᠶᠤᠨᠴᠢ | ᠰᠤᠷᠭᠠᠨ ᠬᠥᠮᠦᠵᠢᠯ ᠤᠨ ᠡᠭᠦᠰᠬᠡᠨ ᠪᠠᠶᠢᠭᠤᠯᠤᠭᠴᠢ ᠵᠢᠶᠠ ᠶᠦᠨ ᠬᠠᠢ ᠨᠠᠷ ᠣᠷᠣᠯᠴᠠᠪᠠ᠃ | ᠰᠤᠷᠭᠠᠨ ᠬᠥᠮᠦᠵᠢᠯ ᠢᠶᠠᠷ ᠬᠤᠳᠠ ᠶᠢ ᠬᠦᠴᠦᠷᠬᠡᠭᠵᠢᠭᠦᠯᠬᠦ | ᠯᠢᠨ ᠯᠢ ᠴᠢᠬᠤᠯᠠᠴᠢᠯᠠᠬᠤ ᠳᠠᠭᠠᠨ᠂ ᠰᠤᠷᠭᠠᠨ ᠬᠥᠮᠦᠵᠢᠯ ᠤᠨ ᠲᠣᠭᠠᠴᠢᠯᠠᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠪᠣᠯ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠰᠤᠷᠭᠠᠨ | ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠪᠠᠶᠢᠪᠠᠰᠤ ᠵᠣᠬᠢᠬᠤ ᠠᠭᠤᠯᠭ᠎ᠠ᠂ | ᠴᠢᠬᠤᠯᠠ ᠶᠡᠭᠡ ᠡᠭᠦᠷᠭᠡ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠡᠩ ᠢᠳᠡᠪᠬᠢᠲᠡᠢ | ᠣᠪᠣᠷ ᠪᠠ ᠨᠡᠩ ᠡᠷᠡᠰ ᠪᠠᠲᠤ ᠵᠣᠷᠢᠭ ᠢᠶᠠᠷ ᠲᠣᠭᠠᠴᠢᠯᠠᠭᠰᠠᠨ ᠰᠤᠷᠭᠠᠨ ᠬᠥᠮᠦᠵᠢᠯ ᠤᠨ ᠰᠢᠨ᠎ᠡ ᠤᠷᠤᠯᠳᠤᠭᠠᠨ ᠤ | ᠵᠠᠮ ᠢ ᠨᠡᠭᠡᠭᠡᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠶ ᠪᠣᠯᠭᠠᠬᠤ | ᠲᠣᠭᠠᠵᠢᠭᠤᠯᠤᠭᠰᠠᠨ ᠰᠤᠷᠭᠠᠨ ᠬᠥᠮᠦᠵᠢᠯ ᠤᠨ ᠬᠤᠳᠠ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ | ᠲᠦᠯᠬᠢᠨ ᠠᠬᠢᠭᠤᠯᠵᠤ᠂ ᠵᠢᠱᠢᠶ᠎ᠡ ᠦᠵᠡᠭᠦᠯᠬᠦ ᠠᠴᠢ ᠬᠤᠯᠪᠣᠭᠳᠠᠯ ᠪᠦᠬᠦᠢ ᠨᠢᠭᠡ ᠪᠦᠯᠦᠭ ᠲᠣᠭᠠᠵᠢᠭᠤᠯᠤᠭᠰᠠᠨ | ᠰᠤᠷᠭᠠᠨ ᠬᠥᠮᠦᠵᠢᠯ ᠤᠨ ᠵᠦᠢᠯᠡᠰ ᠢ ᠴᠢᠷᠮᠠᠶᠢᠨ ᠪᠤᠢ ᠪᠣᠯᠭᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠠᠰᠢᠭ ᠬᠦᠷᠳᠡᠬᠦ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠴᠢᠳᠠᠪᠤᠷᠢᠲᠠᠨ ᠢ ᠬᠥᠮᠥᠵᠢᠭᠦᠯᠬᠦ | ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠨᠡᠩ | ᠰᠠᠶᠢᠲᠤᠷ ᠠᠬᠢᠭᠤᠯᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠠ ᠬᠤᠳᠠ ᠶᠢᠨ ᠬᠥᠭᠵᠢᠯᠲᠡ ᠳᠤ | ᠨᠡᠩ ᠤᠯᠠᠨ ᠬᠡᠷᠡᠭᠴᠡᠭᠡ ᠲᠠᠢ ᠴᠢᠳᠠᠪᠤᠷᠢᠲᠠᠨ ᠢ ᠬᠥᠮᠥᠵᠢᠭᠦᠯᠦᠨ᠎ᠡ᠃ | ᠣᠶᠣᠨᠴᠢ ᠬᠥᠮᠦᠵᠢᠯ | ᠰᠢᠦᠢ ᠰᠢᠩ ᠢᠯᠡᠷᠬᠡᠶᠢᠯᠡᠬᠦ ᠳᠡᠭᠡᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠲᠠᠢ ᠬᠤᠸ᠋ᠨ ᠰᠤᠷᠭᠠᠨ | ᠬᠥᠮᠦᠵᠢᠯ ᠤᠨ ᠪᠦᠯᠦᠭᠯᠡᠯ ᠲᠠᠢ ᠭᠠᠷ ᠬᠤᠯᠪᠣᠨ᠂ OK ᠣᠶᠤᠨᠲᠤ ᠰᠤᠷᠭᠠᠨ ᠬᠥᠮᠦᠵᠢᠯ ᠤᠨ ᠡᠭᠦᠯᠡᠨ ᠲᠠᠪᠴᠠᠩ | ᠵᠢᠴᠢ ᠣᠶᠤᠨᠴᠢᠯᠠᠭᠰᠠᠨ ᠰᠤᠷᠤᠯᠴᠠᠯᠭ᠎ᠠ ᠶᠢᠨ ᠲᠥᠬᠦᠭᠡᠷᠦᠮᠵᠢ ᠳᠤ ᠲᠦᠰᠢᠭᠯᠡᠨ᠂ ᠪᠦᠬᠦ ᠤᠯᠤᠰ ᠤᠨ ᠠᠩᠬᠠᠳᠠᠭᠴᠢ ︽ | ᠵᠣᠬᠢᠶᠠᠮᠠᠯ ᠣᠶᠤᠨᠯᠢᠭ ᠴᠢᠳᠠᠪᠦᠷᠢ ᠶᠢᠨ ᠰᠤᠷᠭᠠᠭᠤᠯᠢ + ᠨᠡᠶᠢᠭᠡᠮ ᠣᠷᠣᠨ ᠤ ᠲᠣᠭᠠᠴᠢᠯᠠᠭᠰᠠᠨ ᠰᠤᠷᠭᠠᠨ | ᠬᠥᠮᠦᠵᠢᠯ ᠤᠨ ᠦᠢᠯᠡᠴᠢᠯᠡᠭᠡᠨ ᠤ ᠲᠥᠪ︾ ᠤᠨ ᠦᠯᠢᠭᠡᠷ ᠳᠠᠭᠤᠷᠢᠶᠠᠯ ᠢ ᠪᠤᠶ ᠪᠣᠯᠭᠠᠵᠤ᠂ ᠡᠭᠦᠨ ᠤ ᠬᠠᠮᠲᠤ ᠲᠤᠰ | ᠤᠳᠠᠭ᠎ᠠ ᠶᠢᠨ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠣᠶᠤᠨᠴᠢ ᠰᠤᠷᠭᠠᠨ ᠬᠥᠮᠦᠵᠢᠯ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠠᠪᠴᠠᠩ ᠤᠨ | ᠴᠢᠳᠠᠮᠵᠢ ᠶᠢ ᠰᠢᠯᠢᠳᠡᠭᠵᠢᠭᠦᠯᠦᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠴᠢᠨᠠᠷ ᠰᠠᠶᠢᠲᠠᠢ | ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ | ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠦᠬᠦ ᠲᠠᠯ᠎ᠠ ᠪᠠᠷ | ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠲᠦᠷᠭᠡᠨ ᠪᠦᠲᠦᠭᠡᠨ ᠪᠠᠶᠢᠭᠤᠯᠬᠤ ᠳᠤ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠬᠦᠴᠦᠨ ᠴᠢᠳᠠᠯ ᠢᠶᠠᠨ ᠡᠷᠭᠦᠨ᠎ᠡ ᠭᠡᠪᠠ᠃ | ᠲᠤᠬᠠᠢ ᠶᠢᠨ ᠲᠠᠯᠠᠪᠠᠢ ᠳᠤ ᠪᠠᠰᠠ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠶᠤᠨᠲᠤ | ᠰᠤᠷᠭᠠᠨ ᠬᠥᠮᠦᠵᠢᠯ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠪᠣᠯᠣᠨ ︽ | ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠲᠠᠢ ᠬᠤᠸ᠋ᠨ OK ᠣᠶᠤᠨᠲᠤ | ᠰᠤᠷᠭᠠᠭᠤᠯᠢ︾᠂ ︽ᠵᠢᠩ ᠲᠠᠢ ᠵᠠᠮ ᠤᠨ ᠨᠡᠶᠢᠭᠡᠮ ᠣᠷᠣᠨ ᠤ ᠲᠣᠭᠠᠴᠢᠯᠠᠭᠰᠠᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠲᠥᠪ︾ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠵᠠᠢ᠃ | ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ᠂ ᠲᠣᠭᠠᠴᠢᠯᠠᠭᠰᠠᠨ ᠰᠤᠷᠭᠠᠨ ᠬᠥᠮᠦᠵᠢᠯ ᠤᠨ | ᠬᠦᠷᠢᠶᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠪᠠ ᠨᠢᠭᠡᠳᠦᠭᠡᠷ ᠹᠷᠣᠨᠲ ᠤᠨ ᠪᠠᠭᠰᠢ ᠶᠢᠨ ᠲᠥᠯᠥᠭᠡᠯᠡᠭᠴᠢ᠂ | ᠡᠯ᠎ᠡ ᠬᠤᠰᠢᠭᠤ ᠰᠢᠶᠠᠨ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠠᠷᠢᠭᠤᠴᠠᠯᠭᠠᠲᠠᠨ᠂ ᠪᠥᠬᠦ ᠬᠤᠲᠠ ᠶᠢᠨ | ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠥᠯᠥᠭᠡᠯᠡᠭᠴᠢ᠂ ᠣᠷᠣᠨ ᠤ ᠬᠠᠷᠢᠶ᠎ᠠ ᠡᠯ᠎ᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠣᠷᠣᠨ ᠤ | ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠣᠷᠣᠯᠴᠠᠵᠠᠢ᠃ |