ᠣᠶᠢᠷ᠎ᠠ ᠳᠤ᠂ ᠮᠠᠨ ᠤ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠤᠳᠠᠯᠳᠤᠭᠠᠴᠢᠨ ᠤᠷᠢᠬᠤ | ᠶᠠᠪᠣᠳᠠᠯ ᠪᠠᠶᠠᠷ ᠤᠨ ᠮᠡᠳᠡᠭᠡ ᠶᠢ ᠳᠠᠬᠢᠨᠲᠠ ᠳᠠᠮᠵᠢᠭᠤᠯᠵᠤ᠂ ᠪᠤᠭᠤᠲᠤ ᠬᠤᠲᠠ ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠴᠢᠬᠤᠯᠠ ᠶᠡᠭᠡ ᠲᠥᠷᠥᠯ ᠵᠦᠢᠯ ᠤᠨ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ | ᠭᠤᠷᠪᠠᠨ ᠬᠤᠪᠣᠷ ᠰᠢᠷᠣᠢ ᠶᠢᠨ ᠠᠵᠤ ᠦᠢᠯᠡᠰ ᠤᠨ ᠲᠥᠷᠥᠯ ᠵᠦᠢᠯ ᠢ ᠠᠮᠵᠢᠯᠲᠠ ᠲᠠᠢ ᠪᠠᠷ ᠭᠡᠷ᠎ᠡ ᠲᠣᠭᠲᠠᠨ | ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ 2025 ᠣᠨ ᠤ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ | ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ | ᠵᠢᠯ ᠳᠤ 3000 ᠲᠣᠨ ᠥᠨᠳᠥᠷ ᠴᠢᠨᠰᠠᠭ᠎ᠠ ᠲᠠᠢ ᠨᠧᠦᠳᠢᠮ ᠲᠡᠮᠦᠷ ᠪᠤᠷ ᠤᠨ ᠰᠣᠷᠢᠨᠵᠢᠨ ᠴᠢᠨᠠᠷᠲᠠᠢ | ᠮᠠᠲ᠋ᠧᠷᠢᠶᠠᠯ ᠤᠨ ᠲᠥᠷᠥᠯ ᠵᠦᠢᠯ ᠢ ᠦᠢᠯᠡᠳᠪᠦᠷᠢᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1.2 | ᠳ᠋ᠦᠩᠰᠢᠭᠤᠷ ᠲᠥᠭᠦᠷᠢᠭ ᠪᠠᠶᠢᠵᠤ᠂ ᠥᠪᠥᠷ ᠮᠣᠩᠭᠤᠯ ᠤᠨ ᠰᠢ ᠵᠢᠶᠧ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 6000 ᠲᠡᠭᠰᠢ ᠳᠥᠷᠪᠡᠯᠵᠢᠨ ᠮᠧᠲᠷ ᠤᠨ | ᠣᠲᠣ ᠶᠢᠨ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠢ ᠲᠦᠷᠢᠶᠡᠰᠦᠯᠡᠵᠦ᠂ ᠴᠠᠬᠢᠯᠭᠠᠨ ᠬᠠᠩᠭᠠᠵᠤ ᠲᠦᠭᠡᠭᠡᠬᠦ᠂ | ᠤᠰᠤ ᠬᠠᠩᠭᠠᠬᠤ ᠤᠰᠤ ᠵᠠᠯᠠᠬᠤ᠂ ᠳᠤᠯᠠᠭᠠᠯᠠᠭ᠎ᠠ ᠶᠢᠨ ᠵᠠᠮ ᠨᠡᠪᠲᠡᠷᠡᠯᠭᠡ᠂ ᠢᠯᠴᠢ ᠶᠢᠨ ᠬᠦᠴᠦᠨ ᠵᠡᠷᠭᠡ | ᠲᠥᠬᠦᠭᠡᠷᠦᠮᠵᠢ ᠪᠡᠯᠡᠳᠬᠡᠮᠵᠢ ᠶᠢ ᠠᠰᠢᠭᠯᠠᠨ 3000 ᠲᠣᠨ ᠳᠡᠭᠡᠳᠦ ᠲᠠᠰ ᠤᠨ ᠰᠣᠷᠢᠨᠵᠢᠨ ᠮᠠᠲ᠋ᠧᠷᠢᠶᠠᠯ ᠤᠨ | ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ ᠪᠣᠶ᠃ ᠲᠣᠰ ᠲᠥᠷᠥᠯ ᠵᠦᠢᠯ ᠢ | ᠤᠮᠠᠷᠠᠲᠤ ᠶᠢᠨ ᠵᠣᠣ ᠪᠦᠦ ᠰᠣᠷᠢᠨᠵᠢᠨ ᠤ ᠦᠢᠯᠡᠰ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠠᠴᠠ ᠪᠡᠯᠡ | ᠣᠷᠣᠭᠤᠯᠤᠨ ᠪᠦᠲᠦᠭᠡᠨ ᠪᠠᠶᠢᠭᠤᠯᠤᠨ᠎ᠠ᠃ ᠤᠮᠠᠷᠠᠲᠤ ᠶᠢᠨ ᠵᠣᠣ ᠪᠦᠦ ᠰᠣᠷᠢᠨᠵᠢᠨ ᠤ ᠦᠢᠯᠡᠰ ᠪᠣᠯ ᠳᠤᠮᠳᠠᠳᠤ | ᠤᠯᠤᠰ ᠤᠨ ᠤᠮᠠᠷᠠᠲᠤ ᠶᠢᠨ ᠬᠤᠪᠣᠷ ᠰᠢᠷᠣᠢ ︵ᠪᠦᠯᠦᠭᠯᠡᠯ︶ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠢᠭᠡᠳ ᠨᠢᠩᠪᠦ᠋ᠸᠧ ᠶᠢᠨ ᠵᠣᠣ ᠪᠦᠦ ᠰᠣᠷᠢᠨᠵᠢᠨ ᠤ ᠦᠢᠯᠡᠰ ᠤᠨ | ᠬᠢᠵᠠᠭᠠᠷᠲᠤ ᠺᠣᠮᠫᠠᠨᠢ᠂ ᠰᠦᠵᠧᠦ ᠶᠢᠨ ᠲᠦᠩ ᠷᠦᠨ ᠬᠥᠳᠡᠯᠭᠡᠭᠦᠷ ᠲᠥᠬᠦᠭᠡᠷᠦᠮᠵᠢ ᠶᠢᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ᠂ ᠨᠢᠩᠪᠦ᠋ᠸᠧ ᠶᠢᠨ ᠪᠠᠷᠠᠭᠤᠨ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠥᠷᠪᠡᠨ ᠺᠣᠮᠫᠠᠨᠢ ᠲᠠᠢ ᠪᠠᠶᠢᠭᠤᠯᠤᠭᠰᠠᠨ | ᠪᠡᠯᠡ ᠨᠡᠶᠢᠯᠡᠭᠦᠯᠦᠭᠰᠡᠨ ᠺᠣᠮᠫᠠᠨᠢ ᠪᠣᠯᠣᠨ᠎ᠠ᠃ ᠲᠥᠷᠥᠯ ᠵᠦᠢᠯ ᠨᠢ ᠦᠢᠯᠡᠳᠪᠦᠷᠢᠯᠡᠯ ᠳᠤ ᠣᠷᠣᠭᠰᠠᠨ ᠤ ᠳᠠᠷᠠᠭ᠎ᠠ᠂ | ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ 6.9 ᠳ᠋ᠦᠩᠰᠢᠭᠤᠷ ᠲᠥᠭᠦᠷᠢᠭ ᠲᠤ ᠬᠦᠷᠴᠦ᠂ 550 | ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ᠣᠯᠬᠤ ᠪᠣᠯᠣᠨ᠎ᠠ᠃ | ᠰᠣᠷᠢᠨᠵᠢᠨ ᠮᠠᠲ᠋ᠧᠷᠢᠶᠠᠯ ᠤᠨ ᠴᠠᠬᠢᠯᠭᠠᠨ ᠥᠩᠭᠡᠯᠡᠯᠲᠡ ᠶᠢᠨ ᠦᠢᠯᠡᠳᠪᠦᠷᠢᠯᠡᠯ ᠤᠨ ᠱᠤᠭᠤᠮ ᠤᠨ ᠲᠥᠷᠥᠯ | ᠵᠦᠢᠯ ᠳᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1.2 ᠳ᠋ᠦᠩᠰᠢᠭᠤᠷ ᠲᠥᠭᠦᠷᠢᠭ ᠪᠠᠶᠢᠵᠤ᠂ ᠨᠢᠭᠡᠳᠦᠭᠡᠷ | ᠬᠤᠭᠤᠴᠠᠭᠠᠨ ᠳᠤ 2000 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠲᠠᠩ ᠰᠣᠷᠢᠨᠵᠢᠨ | ᠪᠡᠶᠡᠲᠦ ᠬᠡᠷᠡᠭᠯᠡᠭᠡᠨ ᠤ ᠲᠣᠨᠣᠭᠯᠠᠭᠠᠰᠤ ᠪᠠ ᠰᠣᠷᠢᠨᠵᠢᠨ ᠲᠣᠨᠣᠭᠯᠠᠭᠠᠰᠤ ᠶᠢᠨ ᠬᠡᠷᠡᠭᠯᠡᠭᠡᠨ ᠤ ᠲᠣᠨᠣᠭᠯᠠᠭᠠᠰᠤ ᠵᠢᠴᠢ | ᠴᠠᠬᠢᠯᠭᠠᠨ ᠥᠩᠭᠡᠯᠡᠯᠲᠡ ᠶᠢᠨ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ | ᠬᠤᠶᠠᠳᠤᠭᠠᠷ ᠬᠤᠭᠤᠴᠠᠭᠠᠨ ᠳᠤ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢᠨ ᠪᠠᠶᠢᠳᠠᠯ ᠢ ᠦᠨᠳᠦᠰᠦᠯᠡᠨ | ᠪᠠᠷᠤᠭ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠱᠧᠨᠶᠠᠩ ᠤᠨ ᠵᠥᠩ ᠪᠧᠢ ᠴᠡᠪᠡᠷ ᠠᠭᠠᠷ ᠤᠨ | ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠢᠵᠢ ᠪᠦᠷᠢᠨ ᠲᠥᠬᠦᠭᠡᠷᠦᠮᠵᠢ ᠶᠢᠨ ᠦᠢᠯᠡᠳᠪᠦᠷᠢᠯᠡᠯ᠂ | ᠤᠭᠰᠠᠷᠠᠯᠲᠠ᠂ ᠪᠣᠷᠤᠯᠠᠭᠤᠯᠭ᠎ᠠ ᠶᠢ ᠥᠷᠨᠢᠭᠦᠯᠦᠨ᠎ᠡ᠃ ᠲᠤᠰ ᠲᠦᠷᠦᠯ ᠵᠦᠢᠯ ᠢ ᠲᠢᠶᠠᠨᠵᠢᠨ ᠤ ᠷᠦᠢ ᠮᠠᠢ ᠭᠧ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠪᠠ᠂ ᠲᠤᠰ | ᠺᠣᠮᠫᠠᠨᠢ ᠪᠣᠯ ᠨᠢᠭᠡᠨ ᠲᠡᠮᠦᠷ ᠪᠤᠷ ᠤᠨ ᠰᠣᠷᠢᠨᠵᠢᠨ ᠴᠣᠭᠴᠠ ᠶᠢ ᠪᠣᠯᠪᠠᠰᠤᠷᠠᠭᠤᠯᠬᠤ ᠵᠢᠴᠢ ᠴᠠᠬᠢᠯᠭᠠᠨ | ᠥᠩᠭᠡᠯᠡᠯᠲᠡ ᠶᠢᠨ ᠦᠢᠯᠡᠳᠪᠦᠷᠢᠯᠡᠯ ᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠪᠣᠯᠣᠨ᠎ᠠ᠂ ᠲᠡᠮᠦᠷ ᠪᠤᠷ ᠤᠨ | ᠰᠣᠷᠢᠨᠵᠢᠨ ᠴᠣᠭᠴᠠ ᠶᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠪᠠᠷ ᠴᠢᠷᠮᠠᠶᠢᠵᠤ᠂ ᠳᠠᠭᠤᠨ ᠤ ᠤᠬᠠᠭᠠᠨ ᠵᠢᠴᠢ | ᠪᠢᠴᠢᠯ ᠴᠠᠬᠢᠯᠭᠠᠨ ᠰᠣᠷᠢᠨᠵᠢᠨ ᠴᠣᠭᠴᠠ ᠶᠢᠨ ᠬᠦᠷᠢᠶᠡᠨ ᠤ ᠲᠤᠰᠬᠠᠢ ᠮᠡᠷᠭᠡᠵᠢᠯ ᠤᠨ ᠬᠠᠩᠭᠠᠯᠭ᠎ᠠ ᠶᠢᠨ | ᠬᠤᠳᠠᠯᠳᠤᠭᠠᠴᠢᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠢᠶᠠᠨᠵᠢᠨ ᠬᠤᠳᠠ ᠶᠢᠨ | ᠳ᠋ᠦᠡᠭᠯᠢᠩ ᠠᠵᠤ ᠠᠬᠤᠶᠢᠯᠠᠯ ᠪᠣᠯᠣᠨ᠎ᠠ᠃ | ᠵᠢᠯ ᠳᠤ 5000 ᠰᠠᠤᠷᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠥᠷᠥᠯ | ᠵᠦᠢᠯ ᠢ ᠦᠢᠯᠡᠳᠪᠦᠷᠢᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1 ᠳ᠋ᠦᠩᠰᠢᠭᠤᠷ ᠲᠥᠭᠦᠷᠢᠭ ᠲᠤ | ᠬᠦᠷᠴᠦ᠂ ᠭᠤᠣᠯᠳᠠᠭᠤ ᠵᠢᠯ ᠳᠤ 5000 ᠰᠠᠤᠷᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠳᠣᠲᠣᠭᠠᠳᠤ | ᠭᠠᠳᠠᠭᠠᠳᠤ ᠡᠷᠭᠢᠭᠴᠢ ᠶᠢᠨ ᠴᠠᠬᠢᠯᠭᠠᠨ ᠮᠠᠰᠢᠨ᠂ ᠰᠢᠭᠤᠳ ᠬᠥᠳᠡᠯᠭᠡᠭᠦᠷ ᠴᠠᠬᠢᠯᠭᠠᠨ ᠮᠠᠰᠢᠨ ᠵᠢᠴᠢ ᠲᠣᠭᠲᠠᠮᠠᠯ | ᠰᠣᠷᠢᠨᠵᠢᠨᠲᠤ ᠴᠠᠬᠢᠯᠭᠠᠨ ᠮᠠᠰᠢᠨ ᠤ ᠳᠠᠬᠢᠨ ᠦᠢᠯᠡᠳᠬᠦ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠤᠨ᠎ᠠ᠃ | ᠦᠢᠯᠡᠳᠪᠦᠷᠢᠯᠡᠯ ᠳᠤ ᠬᠦᠷᠦᠭᠰᠡᠨ ᠤ ᠳᠠᠷᠠᠭᠠᠬᠢ ᠵᠢᠱᠢᠯᠲᠡ ᠪᠠᠷ ᠵᠢᠯ ᠤᠨ ᠦᠢᠯᠡᠳᠬᠦᠨ ᠤ ᠦᠷᠳᠡᠭ ᠨᠢ ᠪᠠᠷᠤᠭ 1 | ᠳ᠋ᠦᠩᠰᠢᠭᠤᠷ ᠲᠥᠭᠦᠷᠢᠭ᠂ ᠠᠰᠢᠭ ᠬᠤᠨᠵᠢᠪᠤᠷᠢ ᠨᠢ ᠪᠠᠷᠤᠭ 1500 ᠲᠦᠮᠡᠨ ᠲᠥᠭᠦᠷᠢᠭ᠂ ᠵᠢᠯ ᠤᠨ ᠲᠤᠰᠢᠶᠠᠬᠤ | ᠭᠠᠶᠢᠯᠢ ᠶᠢᠨ ᠮᠥᠩᠭᠦ ᠨᠢ ᠪᠠᠷᠤᠭ 500 ᠲᠦᠮᠡᠨ ᠲᠥᠭᠦᠷᠢᠭ ᠪᠣᠯᠣᠨ᠎ᠠ᠃ ᠲᠤᠰ ᠲᠦᠷᠦᠯ ᠵᠦᠢᠯ ᠢ ᠬᠤᠨᠠᠨ ᠤ | ᠳᠤᠮᠳᠠᠳᠤ ᠶᠢᠨ ᠪᠡᠯᠡᠳᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠰᠢᠨ ᠴᠠᠬᠢᠯᠭᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠮᠠᠨ ᠤ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ | ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠢ | ᠲᠦᠷᠢᠶᠡᠰᠦᠯᠡᠵᠦ ᠲᠣᠰ ᠺᠣᠮᠫᠠᠨᠢ ᠪᠣᠯ ᠨᠣᠶᠢᠲᠠᠨ ᠢᠶᠠᠷ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ᠂ ᠢᠯᠠᠩᠭᠤᠶ᠎ᠠ | ᠴᠠᠬᠢᠯᠭᠠᠨ ᠵᠠᠳᠠᠯᠤᠯ ᠤᠨ ᠲᠡᠮᠦᠷᠯᠢᠭ ᠮᠠᠩᠭᠠᠨ ᠤ ᠠᠵᠢᠯ ᠲᠥᠷᠥᠯ ᠤᠨ ᠬᠤᠳᠬᠤᠭᠤᠷ ᠮᠠᠰᠢᠨ ᠤ ᠮᠡᠷᠭᠡᠵᠢᠯ ᠤᠨ | ᠡᠭᠦᠳᠦᠭᠴᠢ ᠮᠥᠨ᠂ ᠪᠥᠬᠦ ᠤᠯᠤᠰ ᠤᠨ ᠴᠣᠷ ᠤᠨ ᠭᠠᠭᠴᠠ ᠭᠠᠳᠠᠷ ᠡᠷᠭᠢᠭᠴᠢ ᠶᠢᠨ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ᠂ ᠳᠣᠲᠣᠭᠠᠳᠤ ᠡᠷᠭᠢᠭᠴᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ ᠬᠤᠳᠬᠤᠭᠤᠷ | ᠰᠢᠰᠲ᠋ᠧᠮ᠂ ᠲᠣᠭᠲᠠᠮᠠᠯ ᠰᠣᠷᠢᠨᠵᠢᠨᠲᠤ ᠮᠠᠲ᠋ᠧᠷᠢᠶᠠᠯ ᠢ ᠵᠡᠷᠭᠡ ᠪᠠᠷ ᠵᠢᠷᠤᠵᠤ ᠲᠥᠯᠥᠪᠯᠡᠨ ᠦᠢᠯᠡᠳᠪᠦᠷᠢᠯᠡᠳᠡᠭ | ᠶᠡᠷᠦᠩᠬᠡᠶᠢᠯᠡᠭᠰᠡᠨ ᠴᠢᠨᠠᠷᠲᠠᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠮᠥᠨ᠃ | ᠡᠨᠡ ᠭᠤᠷᠪᠠᠨ ᠲᠦᠷᠦᠯ ᠵᠦᠢᠯ ᠢ ᠭᠠᠷ ᠤᠨ ᠦᠰᠦᠭ ᠵᠢᠷᠤᠵᠤ ᠨᠠᠶᠢᠳᠠᠪᠤᠷᠢᠵᠢᠭᠤᠯᠤᠭᠰᠠᠨ ᠨᠢ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠲᠦᠭᠡᠨ | ᠪᠠᠶᠢᠭᠤᠯᠤᠯᠲᠠ ᠶᠢᠨ ᠭᠤᠣᠯ ᠳᠠᠶᠢᠨ ᠤ ᠲᠠᠯᠠᠪᠤᠷ ᠤᠨ ᠦᠢᠯᠡᠳᠦᠯ ᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ | ᠬᠤᠪᠣᠷ ᠰᠢᠷᠣᠢ ᠶᠢᠨ ᠠᠵᠤ ᠦᠢᠯᠡᠰ ᠤᠨ ᠠᠷᠠᠯᠵᠢᠶᠠᠴᠢᠨ ᠤᠷᠢᠬᠤ ᠡᠪᠦᠯ ᠤᠨ ᠤᠯᠠᠷᠢᠯ ᠤᠨ ᠳᠠᠭᠠᠷᠢᠯᠲᠠ ᠶᠢ | ᠢᠳᠡᠪᠬᠢᠲᠡᠢ ᠥᠷᠨᠢᠭᠦᠯᠦᠭᠰᠡᠨ ᠤ ᠬᠡᠰᠡᠭ ᠦᠷ᠎ᠡ ᠪᠦᠲᠦᠭᠡᠯ ᠪᠣᠯᠣᠨ᠎ᠠ᠃ | ᠲᠣᠰ ᠤᠳᠠᠭ᠎ᠠ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ | ᠵᠦᠢᠯᠡᠰ ᠲᠤ ᠲᠥᠪᠯᠡᠷᠡᠭᠦᠯᠦᠨ ᠭᠠᠷ ᠤᠨ ᠥᠰᠥᠭ ᠵᠢᠷᠤᠵᠤ ᠨᠡᠶᠢᠲᠡ 14 ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠣᠯᠠᠨ | ᠬᠦᠷᠢᠶ᠎ᠡ ᠶᠢ ᠬᠠᠮᠤᠷᠪᠠ᠃ |