ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠬᠢᠯᠭᠠᠨ ᠮᠡᠳᠡᠭᠡ ᠣᠶᠢᠷ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠯᠤᠰ ᠤᠨ ᠪᠡᠭᠡᠵᠢᠩ ᠵᠦᠴᠦᠭᠡ ᠶᠢᠨ | ᠬᠦᠷᠢᠶᠡᠯᠡᠩ ᠤᠨ ᠵᠠᠯᠠᠭᠤ ᠤᠷᠠᠯᠢᠭ ᠤᠨ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ ᠂ ᠤᠯᠤᠰ ᠤᠨ ᠪᠡᠭᠡᠵᠢᠩ | ᠵᠦᠴᠦᠭᠡ ᠶᠢᠨ ᠬᠦᠷᠢᠶᠡᠯᠡᠩ ᠪᠠᠶᠢᠭᠤᠯᠤᠭᠳᠠᠭᠰᠠᠨ 70 ᠵᠢᠯ ᠤᠨ ᠣᠶ ᠬᠦᠷᠴᠦ ᠢᠷᠡᠬᠦ ᠲᠠᠰᠢᠷᠠᠮ ᠢᠶᠠᠷ ᠪᠦᠭᠦ ᠲᠣᠭᠯᠠᠭᠴᠢᠳ | ᠠᠵᠢᠯᠲᠠᠳ ᠲᠤ ᠪᠠᠶᠠᠷ ᠬᠦᠷᠭᠡᠵᠦ ᠮᠡᠨᠳᠦᠴᠢᠯᠡᠯ ᠳᠡᠪᠰᠢᠭᠦᠯᠪᠡ ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ | ᠪᠠᠶᠢᠭᠤᠯᠤᠭᠳᠠᠭᠰᠠᠨ ᠠᠴᠠ ᠨᠠᠭᠠᠰᠢ ᠨᠠᠮ ᠤᠨ ᠤᠳᠬ᠎ᠠ ᠤᠷᠠᠯᠢᠭ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ | ᠲᠤᠭᠤᠰᠢᠯᠠᠭᠤᠯᠵᠤ ᠂ ᠮᠠᠰᠢ ᠤᠯᠠᠨ ᠰᠣᠩᠭᠤᠳᠠᠭ ᠵᠦᠴᠦᠭᠡ ᠶᠢ ᠵᠣᠬᠢᠶᠠᠨ ᠪᠦᠲᠦᠭᠡᠵᠦ ᠲᠣᠭᠯᠠᠨ ᠂ ᠴᠥᠭᠡᠨ ᠪᠤᠰᠤ ᠰᠢᠯᠢᠳᠡᠭ | ᠤᠷᠠᠯᠢᠭ ᠤᠨ ᠴᠢᠳᠠᠪᠤᠷᠢᠲᠠᠨ ᠴᠣᠯᠭᠤᠷᠠᠨ ᠭᠠᠷᠴᠤ ᠂ ᠳᠤᠮᠳᠠᠳᠤ ᠶᠢᠨ ᠰᠢ ᠵᠦᠴᠦᠭᠡ ᠶᠢᠨ ᠥᠨᠢᠷ ᠴᠡᠴᠡᠭ ᠤᠨ | ᠬᠦᠷᠢᠶᠡᠯᠡᠩ ᠳᠤ ᠭᠤᠶᠢᠳᠠ ᠰᠠᠶᠢᠬᠠᠨ ᠥᠩᠭᠡ ᠪᠤᠳᠤᠭ ᠨᠡᠮᠡᠷᠢᠯᠡᠪᠡ ᠃ ᠰᠢᠨ᠎ᠡ ᠭᠠᠷᠤᠭ᠎ᠠ ᠳᠡᠭᠡᠷ᠎ᠡ ᠠᠴᠠ ᠲᠠ ᠨᠠᠷ ᠠᠬᠠᠮᠠᠳ | ᠦᠶ᠎ᠡ ᠶᠢᠨ ᠠᠯᠳᠠᠷᠲᠤ ᠬᠥᠮᠥᠰ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ ᠂ ᠤᠳᠬ᠎ᠠ ᠤᠷᠠᠯᠢᠭ ᠠᠷᠠᠳ ᠲᠦᠮᠡᠨ ᠳᠤ | ᠦᠢᠯᠡᠴᠢᠯᠡᠬᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ ᠂ ᠶᠣᠰᠣ ᠰᠤᠷᠲᠠᠬᠤᠨ ᠢ ᠳᠡᠭᠡᠳᠦᠯᠡᠨ ᠤᠷᠠᠯᠢᠭ ᠢ ᠡᠷᠬᠢᠮᠯᠡᠵᠦ ᠂ | ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠪᠡᠭᠡᠵᠢᠩ ᠵᠦᠴᠦᠭᠡ ᠶᠢᠨ ᠤᠷᠠᠯᠢᠭ ᠤᠨ ᠴᠠᠭ ᠦᠶ᠎ᠡ ᠶᠢᠨ | ᠭᠡᠷᠡᠯ ᠭᠢᠯᠪᠠᠭ᠎ᠠ ᠶᠢ ᠦᠷᠭᠦᠯᠵᠢᠯᠡᠨ ᠰᠠᠴᠤᠷᠠᠭᠤᠯᠵᠤ ᠂ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠂ | ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ | ᠭᠡᠪᠡ ᠃ | ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠤ ᠰᠢᠭᠤᠳ ᠬᠠᠷᠢᠶ᠎ᠠ | ᠤᠯᠤᠰ ᠤᠨ ᠤᠷᠠᠯᠢᠭ ᠤᠨ ᠬᠦᠷᠢᠶᠡᠯᠡᠩ ᠪᠦᠯᠭᠦᠮ ᠪᠠᠶᠢᠵᠤ ᠂ ᠤᠤᠯ ᠤᠨ 1955 ᠣᠨ ᠤ 1 ᠰᠠᠷ᠎ᠠ ᠳᠤ | ᠪᠠᠶᠢᠭᠤᠯᠤᠭᠳᠠᠭᠰᠠᠨ ᠳᠤᠮᠳᠠᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠣᠯᠣᠨ᠎ᠠ ᠃ ᠮᠧᠶ ᠯᠠᠨ ᠹᠠᠩ | ᠠᠩᠬᠠᠳᠠᠭᠴᠢ ᠬᠦᠷᠢᠶᠡᠯᠡᠩ ᠤᠨ ᠳᠠᠷᠤᠭ᠎ᠠ ᠪᠠᠶᠢᠭᠰᠠᠨ ᠪᠥᠭᠡᠳ 2007 ᠣᠨ ᠳᠤ ᠤᠯᠤᠰ ᠤᠨ ᠪᠡᠭᠡᠵᠢᠩ ᠵᠦᠴᠦᠭᠡ ᠶᠢᠨ | ᠬᠦᠷᠢᠶᠡᠯᠡᠩ ᠭᠡᠵᠦ ᠨᠡᠷ᠎ᠡ ᠪᠠᠨ ᠬᠠᠯᠠᠪᠠ ᠃ ᠣᠶᠢᠷ᠎ᠠ ᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠪᠦᠭᠦ | ᠵᠠᠯᠠᠭᠤ ᠤᠷᠠᠯᠢᠭ ᠤᠨ ᠠᠵᠢᠯᠲᠠᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ ᠂ ᠪᠡᠭᠡᠵᠢᠩ ᠵᠦᠴᠦᠭᠡ ᠶᠢᠨ | ᠤᠷᠠᠯᠢᠭ ᠢ ᠤᠯᠠᠮᠵᠢᠯᠠᠨ ᠵᠠᠯᠭᠠᠮᠵᠢᠯᠠᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢᠶᠠᠨ ᠬᠠᠷᠢᠭᠤ ᠮᠡᠳᠡᠭᠦᠯᠵᠦ ᠂ ᠪᠡᠭᠡᠵᠢᠩ | ᠵᠦᠴᠦᠭᠡ ᠶᠢᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠪᠠᠳᠠᠷᠠᠭᠤᠯᠬᠤ ᠶᠢᠨ ᠲᠥᠯᠥᠭᠡ ᠲᠡᠮᠡᠴᠡᠬᠦ ᠡᠷᠡᠰ ᠵᠣᠷᠢᠭ ᠢᠶᠠᠨ ᠢᠯᠡᠳᠬᠡᠪᠡ ᠃ |