ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ | ᠲᠤᠬᠠᠶ ᠣᠶᠢᠯᠠᠭᠠᠯᠴᠠᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠦᠵᠡᠯ | ᠤᠬᠠᠮᠰᠠᠷ ᠢ ᠳᠡᠭᠡᠭᠰᠢᠯᠡᠭᠦᠯᠦᠨ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠤᠭ ᠨᠣᠪᠰᠢ ᠶᠢ | ᠲᠥᠷᠥᠯ ᠬᠤᠪᠢᠶᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠪᠣᠬᠢᠷᠲᠤᠯ ᠥᠬᠡᠶ᠂ ᠴᠡᠪᠡᠷ ᠴᠡᠮᠴᠡᠭᠡᠷ᠂ | ᠭᠤᠶᠣ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠬᠤ ᠶᠢᠨ ᠬᠠᠮᠲᠤ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠪᠠ ᠦᠢᠯᠡᠳᠦᠯᠴᠡᠯ ᠢ | ᠠᠬᠢᠭᠤᠯᠤᠨ᠎ᠠ᠃ 2025 ᠣᠨ ᠤ 1 ᠰᠠᠷ᠎ᠠ ᠳᠤ ᠲᠧᠩ ᠹᠸᠢ ᠨᠡᠶᠢᠭᠡᠮ ᠲᠣᠭᠤᠷᠢᠭ ︽ᠬᠤᠭ ᠨᠣᠪᠰᠢ ᠶᠢ ᠲᠥᠷᠥᠯ | ᠬᠤᠪᠢᠶᠠᠵᠤ᠂ ᠪᠣᠯᠪᠠᠰᠤᠨ ᠢ ᠪᠢ ᠤᠷᠢᠳᠠᠪᠠᠷ ᠬᠡᠷᠡᠭᠵᠢᠭᠦᠯᠬᠦ︾ ᠬᠤᠭ ᠨᠣᠪᠰᠢ ᠶᠢ ᠲᠥᠷᠥᠯ ᠬᠤᠪᠢᠶᠠᠬᠤ ᠭᠤᠤᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠨᠡᠶᠢᠭᠡᠮ ᠲᠣᠭᠤᠷᠢᠭ ᠤᠨ ᠠᠵᠢᠯᠲᠠᠳ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠬᠤᠭ ᠨᠣᠪᠰᠢ ᠶᠢ ᠲᠥᠷᠥᠯ | ᠬᠤᠪᠢᠶᠠᠬᠤ ᠴᠢᠬᠤᠯᠠ ᠴᠢᠨᠠᠷ᠂ ᠪᠣᠳᠠᠲᠠᠶ ᠲᠥᠷᠥᠯ ᠢᠯᠭᠠᠯ ᠵᠢᠴᠢ ᠲᠣᠰ ᠭᠠᠵᠠᠷ ᠤᠨ ᠲᠥᠷᠥᠯ ᠬᠤᠪᠢᠶᠠᠬᠤ | ᠪᠠᠷᠢᠮᠵᠢᠶ᠎ᠠ ᠶᠢ ᠲᠠᠶᠢᠯᠪᠤᠷᠢᠯᠠᠵᠤ᠂ ᠬᠡᠷᠡᠯ ᠵᠢᠷᠤᠭ ᠪᠠ ᠸᠢᠳᠢᠣ᠋ ᠪᠠᠷ ᠬᠤᠭ ᠨᠣᠪᠰᠢ ᠶᠢ ᠲᠥᠷᠥᠯ ᠬᠤᠪᠢᠶᠠᠬᠤ ᠥᠬᠡᠶ | ᠪᠠᠶᠢᠬᠤ ᠶᠢᠨ ᠬᠤᠤᠷ ᠬᠥᠨᠥᠭᠡᠯ ᠵᠢᠴᠢ ᠲᠥᠷᠥᠯ ᠬᠤᠪᠢᠶᠠᠭᠰᠠᠨ ᠤ ᠳᠠᠷᠠᠭᠠᠬᠢ ᠡᠬᠢ ᠪᠠᠶᠠᠯᠢᠭ ᠢ ᠡᠭᠡᠭᠦᠯᠦᠨ | ᠬᠤᠷᠢᠶᠠᠵᠤ ᠠᠰᠢᠭᠯᠠᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢᠨ ᠬᠠᠮᠲᠤ ᠮᠠᠳᠠᠭ ᠲᠠᠢ ᠠᠰᠠᠭᠤᠳᠠᠯ ᠢ | ᠬᠠᠷᠢᠭᠤᠯᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ | ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠪᠠ᠃ | ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠬᠤᠭ ᠨᠣᠪᠰᠢ ᠶᠢ ᠵᠥᠪ ᠣᠨᠣᠪᠴᠢᠲᠠᠶ | ᠬᠠᠶᠠᠬᠤ ᠶᠢ ᠵᠢᠯᠣᠭᠤᠳᠴᠤ᠂ ᠲᠥᠷᠥᠯ ᠬᠤᠪᠢᠶᠠᠭᠰᠠᠨ ᠪᠤᠷᠤᠭᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ | ᠵᠠᠯᠠᠷᠠᠭᠤᠯᠬᠤ ᠶᠢᠨ ᠬᠠᠮᠲᠤ ᠰᠢᠯᠲᠠᠭᠠᠨ ᠢ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠰᠠᠶᠢᠨ ᠰᠠᠶᠢᠬᠠᠨ ᠲᠥᠷᠥᠯ | ᠬᠤᠪᠢᠶᠠᠬᠤ ᠳᠠᠳᠬᠠᠯ ᠲᠠᠢ ᠪᠣᠯᠬᠤ ᠶᠢ ᠵᠣᠷᠢᠭᠵᠢᠭᠤᠯᠵᠤ᠂ ᠬᠡᠷ ᠪᠦᠯᠢ ᠶᠢᠨ ᠬᠤᠭ ᠨᠣᠪᠰᠢ ᠶᠢ ᠲᠥᠷᠥᠯ ᠬᠤᠪᠢᠶᠠᠨ | ᠥᠷᠨᠢᠭᠦᠯᠬᠦ ᠳᠤ ᠬᠦᠴᠦᠨ ᠨᠡᠮᠡᠷᠢᠯᠡᠵᠦ᠂ ᠨᠡᠶᠢᠭᠡᠮ ᠲᠣᠭᠤᠷᠢᠭ ᠤᠨ ᠪᠣᠯᠪᠠᠰᠤᠨ ᠣᠷᠴᠢᠨ ᠲᠣᠭᠤᠷᠢᠨ ᠢ ᠬᠠᠮᠠᠭᠠᠯᠠᠬᠤ | ᠰᠢᠨ᠎ᠡ ᠬᠡᠪ ᠰᠤᠷᠲᠠᠯ ᠢ ᠪᠣᠶ ᠪᠤᠯᠭᠠᠶ᠎ᠠ ᠭᠡᠪᠡ᠃ | ᠲᠣᠰ ᠤᠳᠠᠭᠠᠨ ᠤ ︽ᠬᠤᠭ ᠨᠣᠪᠰᠢ ᠶᠢ ᠲᠥᠷᠥᠯ ᠬᠤᠪᠢᠶᠠᠵᠤ᠂ ᠪᠣᠯᠪᠠᠰᠤᠨ ᠢ ᠪᠢ ᠤᠷᠢᠳᠠᠪᠠᠷ | ᠬᠡᠷᠡᠭᠵᠢᠭᠦᠯᠦᠶ᠎ᠡ︾ ᠭᠡᠬᠦ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠲᠤ ᠢᠯᠡᠳᠲᠡ ᠦᠷ᠎ᠡ ᠪᠦᠲᠦᠮᠵᠢ | ᠤᠯᠪᠠ᠃ ᠠᠵᠢᠯᠯᠠᠭ᠎ᠠ ᠨᠢ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠴᠢᠬᠤᠯᠠ ᠴᠢᠨᠠᠷ ᠤᠨ | ᠲᠤᠬᠠᠶ ᠲᠠᠨᠢᠯᠲᠠ ᠶᠢ ᠭᠦᠨᠵᠡᠭᠡᠶᠢᠷᠡᠭᠦᠯᠵᠦ᠂ ᠨᠠᠩ ᠴᠤ ᠨᠡᠶᠢᠭᠡᠮ ᠲᠣᠭᠤᠷᠢᠭ ᠲᠤ ︽ᠬᠥᠮᠦᠨ ᠪᠦᠬᠦᠨ ᠬᠤᠭ | ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠵᠤ᠂ ᠪᠣᠯᠪᠠᠰᠤᠨ ᠨᠡᠶᠢᠭᠡᠮ ᠲᠣᠭᠤᠷᠢᠭ ᠢ ᠬᠠᠮᠲᠤ ᠪᠠᠷ ᠡᠭᠦᠳᠦᠨ | ᠪᠠᠶᠢᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠠᠷᠠᠭᠠᠴᠢ ᠶᠢᠨ ᠨᠡᠶᠢᠭᠡᠮ ᠲᠣᠭᠤᠷᠢᠭ ᠤᠨ | ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠷᠭᠦᠯᠵᠢᠯᠡᠨ ᠠᠬᠢᠭᠤᠯᠬᠤ ᠪᠠ ᠪᠦᠲᠦᠮᠵᠢᠲᠡᠶ | ᠨᠠᠶᠢᠳᠠᠪᠤᠷᠢᠵᠢᠭᠤᠯᠬᠤ ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ ᠲᠠᠯᠪᠢᠵᠤ᠂ ᠨᠠᠩ ᠣᠯᠠᠨ ᠰᠠᠭᠤᠭᠠᠯᠢ | ᠠᠷᠠᠳ ᠢ ᠳᠠᠶᠢᠴᠢᠯᠠᠨ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ | ᠪᠣᠬᠢᠷᠲᠤᠯ ᠥᠬᠡᠶ᠂ ᠴᠡᠪᠡᠷ ᠴᠡᠮᠴᠡᠭᠡᠷ᠂ ᠪᠣᠯᠪᠠᠰᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ | ᠪᠣᠯᠭᠠᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠵᠦ᠂ ᠬᠤᠭ ᠨᠣᠪᠰᠢ ᠶᠢ ᠲᠥᠷᠥᠯ ᠬᠤᠪᠢᠶᠠᠬᠤ ᠶᠢ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠰᠢᠨ᠎ᠡ ᠤᠷᠤᠰᠬᠠᠯ ᠪᠣᠯᠭᠠᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠳᠤ ᠬᠦᠴᠦᠨ ᠨᠡᠮᠡᠷᠢᠯᠡᠨ᠎ᠡ᠃ | |