2024 ᠣᠨ ᠳᠤ᠂ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ | ᠪᠠ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ | ᠪᠦᠲᠦᠮᠵᠢᠲᠡᠢ ᠬᠢᠨᠠᠯᠲᠠ ᠬᠠᠮᠢᠶᠠᠷᠤᠯᠲᠠ᠂ ᠦᠢᠯᠡᠴᠢᠯᠡᠭᠡ ᠶᠢ ᠠᠳᠬᠤᠵᠤ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠢ ᠡᠭᠦᠳᠴᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠪᠦᠬᠦ | ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ ᠦᠢᠯᠡᠴᠢᠯᠡᠭᠴᠢ︾ ᠪᠣᠯᠬᠤ ᠬᠡᠷᠡᠭᠲᠡᠶ | ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠠᠩᠰᠠᠯᠠᠭᠤᠯᠤᠨ ᠲᠡᠮᠳᠡᠭᠯᠡᠭᠦᠯᠬᠦ ᠶᠢᠨ ︽ᠮᠥᠷᠳᠡᠨ ᠭᠦᠢᠴᠡᠳᠬᠡᠬᠦ︾ | ᠂ ︽ᠬᠤᠪᠢ ᠬᠥᠮᠦᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠨᠢᠭᠡ ᠯᠡ ᠤᠳᠠᠭ᠎ᠠ ᠳᠤ ᠭᠦᠢᠴᠡᠳᠬᠡᠬᠦ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ︽ᠠᠳᠠᠯᠢ ᠣᠷᠣᠨ ᠳᠤ ᠨᠡᠶᠢᠳᠡᠮ ᠭᠦᠢᠴᠡᠳᠬᠡᠬᠦ︾ ᠵᠡᠷᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠦᠬᠦ ᠵᠢᠯ ᠳᠤ ᠵᠠᠬ᠎ᠠ ᠳᠡᠯᠭᠡᠭᠦᠷ ᠤᠨ ᠭᠤᠣᠯ | ᠴᠣᠭᠴᠠ ᠶᠢ 2947 ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ | ᠶᠤᠸᠠᠨ ᠵᠢᠶᠠ ᠼᠦᠨ ᠲᠣᠰᠬᠤᠨ ᠤ ᠰᠣᠶᠣᠯ ᠵᠢᠭᠤᠯᠴᠢᠯᠠᠯ ᠵᠡᠷᠭᠡ 30 ᠭᠤᠣᠯᠳᠠᠯᠭ᠎ᠠ ᠲᠠᠢ ᠠᠵᠤ ᠠᠬᠤᠶᠢᠯᠠᠯ ︽ | ᠭᠡᠷ᠎ᠡ ᠲᠣᠭᠲᠠᠮᠠᠭᠴᠠ ᠦᠨᠡᠮᠯᠡᠯ ᠠᠪᠬᠤ︾ ᠶᠢ ᠪᠡᠶᠡᠯᠡᠭᠦᠯᠪᠡ᠃ | | | ᠶᠠᠰᠤ ᠴᠢᠨᠠᠷ ᠤᠨ ᠬᠥᠭᠵᠢᠯᠲᠡ ᠶᠢᠨ ᠳᠠᠭᠠᠭᠤᠯᠤᠭᠴᠢ ᠪᠤᠯᠬᠤ ᠪᠠᠷ ᠴᠢᠷᠮᠠᠶᠢᠬᠤ ᠬᠡᠷᠡᠭᠲᠡᠶ | ᠪᠤᠭᠤᠲᠤ ᠬᠤᠲᠠ ᠶᠢᠨ ᠶᠢᠩ ᠰᠧ ᠲᠧ ᠬᠤᠪᠣᠷ ᠰᠢᠷᠣᠶ ᠶᠢᠨ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 2 ᠠᠵᠤ ᠠᠬᠤᠶᠢᠯᠠᠯ ᠨᠢ ︽ᠥᠪᠡᠷᠲᠡᠭᠡᠨ ᠵᠠᠰᠠᠬᠤ ᠣᠷᠣᠨ ᠤ ᠶᠠᠰᠤ | ᠴᠢᠨᠠᠷ ᠤᠨ ᠬᠤᠪᠢᠰᠤᠯᠲᠠ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ︾ ᠢᠶᠠᠷ ᠰᠣᠩᠭᠤᠭᠳᠠᠵᠤ᠂ ᠬᠤᠪᠣᠷ | ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠨᠢ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ᠶᠢᠨ ᠪᠥᠬᠦ ᠤᠯᠤᠰ ᠤᠨ ᠶᠠᠰᠤ ᠴᠢᠨᠠᠷ ᠤᠨ ᠬᠦᠴᠦᠷᠬᠡᠭ ᠬᠡᠯᠬᠢᠶ᠎ᠡ ᠶᠢᠨ ᠵᠠᠭᠤᠨ | ᠭᠤᠤᠯᠳᠠᠯᠭ᠎ᠠ ᠲᠠᠢ ᠲᠥᠷᠥᠯ ᠵᠦᠢᠯ︾ ᠢᠶᠠᠷ ᠰᠣᠩᠭᠤᠭᠳᠠᠵᠤ᠂ ᠤᠮᠠᠷᠠᠲᠤ ᠶᠢᠨ ᠬᠤᠪᠣᠷ ᠰᠢᠷᠣᠶ ᠶᠢᠨ ᠪᠥᠬᠦ | ᠤᠯᠤᠰ ᠤᠨ ᠠᠩᠬᠠᠳᠠᠭᠴᠢ ᠪᠦᠯᠦᠭ ︽ᠶᠠᠰᠤ ᠴᠢᠨᠠᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ | ᠳᠠᠭᠠᠭᠤᠯᠤᠭᠴᠢ ᠠᠵᠤ ᠠᠬᠤᠶᠢᠯᠠᠯ︾ ᠢᠶᠠᠷ ᠦᠨᠡᠯᠡᠭᠳᠡᠪᠡ᠃ ︽ᠤᠯᠤᠰ ᠤᠨ ᠮᠡᠷᠭᠡᠵᠢᠯ ᠤᠨ ᠪᠠᠷᠢᠮᠵᠢᠶ᠎ᠠ ︵ᠬᠤᠪᠣᠷ | ᠰᠢᠷᠣᠢ︶ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ︾ ᠰᠢᠯᠭᠠᠨ ᠠᠪᠬᠤ ᠳᠤ ᠬᠢᠷᠢ ᠲᠡᠩᠴᠡᠵᠦ᠂ ᠪᠤᠭᠤᠲᠤ ᠶᠢᠨ | ᠬᠤᠪᠣᠷ ᠰᠢᠷᠣᠢ ᠶᠢᠨ ᠬᠦᠷᠢᠶᠡᠯᠡᠩ ᠤᠯᠤᠰ ᠤᠨ ᠪᠠᠷᠢᠮᠵᠢᠶ᠎ᠠ ᠶᠢᠨ ᠰᠢᠯᠭᠠᠨ ᠪᠠᠲᠤᠯᠠᠬᠤ ᠴᠡᠭ ᠢᠶᠠᠷ ᠵᠥᠪᠰᠢᠶᠡᠷᠡᠭᠳᠡᠭᠰᠡᠨ | ᠪᠠᠶᠢᠨ᠎ᠠ᠃ ᠪᠥᠬᠦ ᠣᠷᠣᠨ ᠤ ᠠᠵᠤ ᠠᠬᠤᠶᠢᠯᠠᠯ ᠣᠯᠠᠨ ᠤᠯᠤᠰ ᠤᠨ ᠪᠠᠷᠢᠮᠵᠢᠶ᠎ᠠ 5᠂ ᠤᠯᠤᠰ ᠤᠨ ᠪᠠᠷᠢᠮᠵᠢᠶ᠎ᠠ 117 | ᠂ ᠠᠵᠢᠯ ᠲᠥᠷᠥᠯ ᠤᠨ ᠪᠠᠷᠢᠮᠵᠢᠶ᠎ᠠ 99᠂ ᠪᠦᠯᠬᠦᠮ ᠨᠡᠶᠢᠲᠡ ᠶᠢᠨ ᠪᠠᠷᠢᠮᠵᠢᠶ᠎ᠠ 49 ᠵᠦᠢᠯ ᠢ ᠭᠤᠣᠯᠯᠠᠨ | ᠵᠢᠯᠣᠭᠤᠳᠤᠭᠰᠠᠨ ᠪᠠ ᠣᠷᠣᠯᠴᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠭᠦᠢᠴᠡᠳ ᠬᠥᠭᠵᠢᠭᠡᠪᠡ᠃ | | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ︽ᠲᠦᠷᠦᠭᠦᠴᠢ︾ | ᠪᠣᠯᠬᠤ ᠪᠠᠷ ᠴᠢᠷᠮᠠᠶᠢᠨ᠎ᠠ | ᠤᠯᠤᠰ ︵ᠬᠤᠪᠣᠷ ᠰᠢᠷᠣᠢ︶ ᠤᠨ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠵᠡᠩᠨᠡᠯᠲᠡ ᠶᠢᠨ ᠲᠥᠪ ᠢ ᠲᠦᠷᠭᠡᠳᠬᠡᠨ ᠪᠠᠶᠢᠭᠤᠯᠵᠤ᠂ ᠵᠢᠶᠠᠩ ᠰᠢᠨ ᠪᠢᠴᠢᠯ ᠴᠠᠬᠢᠯᠭᠠᠨ ᠬᠥᠳᠡᠯᠭᠡᠭᠦᠷ | ᠵᠡᠷᠭᠡ 2 ᠠᠵᠤ ᠠᠬᠤᠶᠢᠯᠠᠯ ᠢ ᠵᠢᠯᠣᠭᠤᠳᠤᠨ ᠥᠪᠡᠷᠲᠡᠭᠡᠨ ᠵᠠᠰᠠᠬᠤ ᠣᠷᠣᠨ ᠤ ᠲᠠᠰ ᠤᠨ ︽ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠠᠨ ᠤ ᠲᠥᠪ︾ ᠢᠶᠠᠷ ᠵᠥᠪᠰᠢᠶᠡᠷᠡᠭᠳᠡᠵᠦ᠂ 100 ᠲᠦᠮᠡᠨ | ᠲᠥᠭᠦᠷᠢᠭ ᠤᠨ ᠲᠤᠰᠠᠯᠠᠮᠵᠢ ᠶᠢᠨ ᠪᠠᠯᠠ ᠮᠥᠩᠭᠦ ᠤᠯᠪᠠ᠃ ᠬᠤᠪᠣᠷ ᠰᠢᠷᠣᠶ ᠶᠢᠨ ᠰᠣᠷᠢᠨᠵᠢᠨ ᠬᠡᠷᠡᠭᠯᠡᠭᠡᠨ ᠤ ᠨᠠᠷᠢᠯᠢᠭ | ᠰᠣᠷᠢᠨᠵᠢᠨ ᠴᠠᠭᠠᠷᠢᠭ ᠲᠣᠨᠤᠭ ᠤᠨ ᠠᠵᠤ ᠦᠢᠯᠡᠰᠵᠢᠯᠲᠡ ᠵᠡᠷᠭᠡ 6 ᠲᠥᠷᠥᠯ ᠵᠦᠢᠯ ᠨᠢ ᠥᠪᠡᠷᠲᠡᠭᠡᠨ ᠵᠠᠰᠠᠬᠤ | ᠣᠷᠣᠨ ᠤ ᠲᠠᠰ ᠤᠨ ︽ᠲᠤᠰᠬᠠᠶ ᠠᠰᠢᠭ ᠤᠨ ᠠᠵᠤ ᠦᠢᠯᠡᠰᠵᠢᠭᠰᠡᠨ ᠰᠢᠯᠢᠳᠡᠭ ᠵᠢᠱᠢᠶ᠎ᠡ︾ ᠢ ᠬᠦᠷᠲᠡᠪᠡ᠃ 11 | ᠰᠠᠷ᠎ᠠ ᠶᠢᠨ ᠰᠡᠭᠦᠯᠴᠢ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ ᠬᠤᠪᠣᠷ ᠰᠢᠷᠣᠶ ᠶᠢᠨ ᠲᠤᠰᠬᠠᠶ ᠠᠰᠢᠭ 194 ᠬᠤᠪᠢ | ᠪᠠᠶᠢᠵᠤ᠂ ᠪᠥᠬᠦ ᠣᠷᠣᠨ ᠤ ᠬᠦᠴᠦᠨ ᠪᠥᠬᠦᠶ ᠲᠤᠰᠬᠠᠶ ᠠᠰᠢᠭ 6892 ᠬᠤᠪᠢ ᠬᠦᠷᠴᠦ᠂ ᠴᠥᠮ ᠪᠥᠬᠦ | ᠬᠤᠲᠠ ᠳᠤ ᠲᠡᠷᠢᠭᠦᠯᠡᠪᠡ᠃ | | | |