ᠠᠵᠤ ᠠᠬᠤᠶᠢᠯᠠᠯ ‍ᠤᠨ‌‍ᠰᠠᠶᠢᠨ  ︽ᠦᠢᠯᠡᠴᠢᠯᠡᠭᠡᠨ ᠤ ᠬᠠᠮᠢᠶᠠᠷᠤᠭᠴᠢ︾ ᠪᠣᠯᠵᠤ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠨ᠎ᠡ
ᠨᠡᠶᠢᠲᠡᠯᠡᠭᠰᠡᠨ ᠴᠠᠭ᠄
2025/1/14
    2024 ᠣᠨ ᠳᠤ᠂ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠪᠠ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠪᠦᠲᠦᠮᠵᠢᠲᠡᠢ ᠬᠢᠨᠠᠯᠲᠠ ᠬᠠᠮᠢᠶᠠᠷᠤᠯᠲᠠ᠂ ᠦᠢᠯᠡᠴᠢᠯᠡᠭᠡ ᠶᠢ ᠠᠳᠬᠤᠵᠤ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠭᠦᠳᠴᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠤᠨ᠎ᠠ᠃
ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ ᠦᠢᠯᠡᠴᠢᠯᠡᠭᠴᠢ︾ ᠪᠣᠯᠬᠤ ᠬᠡᠷᠡᠭᠲᠡᠶ       ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠠᠩᠰᠠᠯᠠᠭᠤᠯᠤᠨ ᠲᠡᠮᠳᠡᠭᠯᠡᠭᠦᠯᠬᠦ ᠶᠢᠨ ︽ᠮᠥᠷᠳᠡᠨ ᠭᠦᠢᠴᠡᠳᠬᠡᠬᠦ︾ ᠂ ︽ᠬᠤᠪᠢ ᠬᠥᠮᠦᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠨᠢᠭᠡ ᠯᠡ ᠤᠳᠠᠭ᠎ᠠ ᠳᠤ ᠭᠦᠢᠴᠡᠳᠬᠡᠬᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ︽ᠠᠳᠠᠯᠢ ᠣᠷᠣᠨ ᠳᠤ ᠨᠡᠶᠢᠳᠡᠮ ᠭᠦᠢᠴᠡᠳᠬᠡᠬᠦ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠦᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 2947 ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃  ᠶᠤᠸᠠᠨ ᠵᠢᠶᠠ ᠼᠦᠨ ᠲᠣᠰᠬᠤᠨ ᠤ ᠰᠣᠶᠣᠯ ᠵᠢᠭᠤᠯᠴᠢᠯᠠᠯ ᠵᠡᠷᠭᠡ 30 ᠭᠤᠣᠯᠳᠠᠯᠭ᠎ᠠ ᠲᠠᠢ ᠠᠵᠤ ᠠᠬᠤᠶᠢᠯᠠᠯ ︽ᠭᠡᠷ᠎ᠡ ᠲᠣᠭᠲᠠᠮᠠᠭᠴᠠ ᠦᠨᠡᠮᠯᠡᠯ ᠠᠪᠬᠤ︾ ᠶᠢ ᠪᠡᠶᠡᠯᠡᠭᠦᠯᠪᠡ᠃
ᠶᠠᠰᠤ ᠴᠢᠨᠠᠷ ᠤᠨ ᠬᠥᠭᠵᠢᠯᠲᠡ ᠶᠢᠨ ᠳᠠᠭᠠᠭᠤᠯᠤᠭᠴᠢ ᠪᠤᠯᠬᠤ ᠪᠠᠷ ᠴᠢᠷᠮᠠᠶᠢᠬᠤ ᠬᠡᠷᠡᠭᠲᠡᠶ        ᠪᠤᠭᠤᠲᠤ ᠬᠤᠲᠠ ᠶᠢᠨ ᠶᠢᠩ ᠰᠧ ᠲᠧ ᠬᠤᠪᠣᠷ ᠰᠢᠷᠣᠶ ᠶᠢᠨ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 2 ᠠᠵᠤ ᠠᠬᠤᠶᠢᠯᠠᠯ ᠨᠢ ︽ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠬᠤᠪᠢᠰᠤᠯᠲᠠ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ︾ ᠢᠶᠠᠷ ᠰᠣᠩᠭᠤᠭᠳᠠᠵᠤ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠨᠢ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠪᠥᠬᠦ ᠤᠯᠤᠰ ᠤᠨ ᠶᠠᠰᠤ ᠴᠢᠨᠠᠷ ᠤᠨ ᠬᠦᠴᠦᠷᠬᠡᠭ ᠬᠡᠯᠬᠢᠶ᠎ᠡ ᠶᠢᠨ ᠵᠠᠭᠤᠨ ᠭᠤᠤᠯᠳᠠᠯᠭ᠎ᠠ ᠲᠠᠢ ᠲᠥᠷᠥᠯ  ᠵᠦᠢᠯ︾ ᠢᠶᠠᠷ ᠰᠣᠩᠭᠤᠭᠳᠠᠵᠤ᠂ ᠤᠮᠠᠷᠠᠲᠤ ᠶᠢᠨ ᠬᠤᠪᠣᠷ ᠰᠢᠷᠣᠶ ᠶᠢᠨ ᠪᠥᠬᠦ ᠤᠯᠤᠰ ᠤᠨ ᠠᠩᠬᠠᠳᠠᠭᠴᠢ ᠪᠦᠯᠦᠭ ︽ᠶᠠᠰᠤ ᠴᠢᠨᠠᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠤᠯᠤᠭᠴᠢ ᠠᠵᠤ ᠠᠬᠤᠶᠢᠯᠠᠯ︾ ᠢᠶᠠᠷ ᠦᠨᠡᠯᠡᠭᠳᠡᠪᠡ᠃ ︽ᠤᠯᠤᠰ ᠤᠨ ᠮᠡᠷᠭᠡᠵᠢᠯ ᠤᠨ ᠪᠠᠷᠢᠮᠵᠢᠶ᠎ᠠ ︵ᠬᠤᠪᠣᠷ ᠰᠢᠷᠣᠢ︶ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ︾ ᠰᠢᠯᠭᠠᠨ ᠠᠪᠬᠤ ᠳᠤ ᠬᠢᠷᠢ ᠲᠡᠩᠴᠡᠵᠦ᠂ ᠪᠤᠭᠤᠲᠤ ᠶᠢᠨ ᠬᠤᠪᠣᠷ ᠰᠢᠷᠣᠢ ᠶᠢᠨ ᠬᠦᠷᠢᠶᠡᠯᠡᠩ ᠤᠯᠤᠰ ᠤᠨ ᠪᠠᠷᠢᠮᠵᠢᠶ᠎ᠠ ᠶᠢᠨ ᠰᠢᠯᠭᠠᠨ ᠪᠠᠲᠤᠯᠠᠬᠤ ᠴᠡᠭ ᠢᠶᠠᠷ ᠵᠥᠪᠰᠢᠶᠡᠷᠡᠭᠳᠡᠭᠰᠡᠨ ᠪᠠᠶᠢᠨ᠎ᠠ᠃ ᠪᠥᠬᠦ ᠣᠷᠣᠨ ᠤ ᠠᠵᠤ ᠠᠬᠤᠶᠢᠯᠠᠯ ᠣᠯᠠᠨ ᠤᠯᠤᠰ ᠤᠨ ᠪᠠᠷᠢᠮᠵᠢᠶ᠎ᠠ 5᠂ ᠤᠯᠤᠰ ᠤᠨ ᠪᠠᠷᠢᠮᠵᠢᠶ᠎ᠠ 117 ᠂ ᠠᠵᠢᠯ ᠲᠥᠷᠥᠯ ᠤᠨ ᠪᠠᠷᠢᠮᠵᠢᠶ᠎ᠠ 99᠂ ᠪᠦᠯᠬᠦᠮ ᠨᠡᠶᠢᠲᠡ ᠶᠢᠨ ᠪᠠᠷᠢᠮᠵᠢᠶ᠎ᠠ 49 ᠵᠦᠢᠯ ᠢ ᠭᠤᠣᠯᠯᠠᠨ ᠵᠢᠯᠣᠭᠤᠳᠤᠭᠰᠠᠨ ᠪᠠ ᠣᠷᠣᠯᠴᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠪᠡ᠃
ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ︽ᠲᠦᠷᠦᠭᠦᠴᠢ︾ ᠪᠣᠯᠬᠤ ᠪᠠᠷ ᠴᠢᠷᠮᠠᠶᠢᠨ᠎ᠠ      ᠤᠯᠤᠰ ︵ᠬᠤᠪᠣᠷ ᠰᠢᠷᠣᠢ︶ ᠤᠨ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠢ ᠲᠦᠷᠭᠡᠳᠬᠡᠨ ᠪᠠᠶᠢᠭᠤᠯᠵᠤ᠂ ᠵᠢᠶᠠᠩ ᠰᠢᠨ ᠪᠢᠴᠢᠯ ᠴᠠᠬᠢᠯᠭᠠᠨ ᠬᠥᠳᠡᠯᠭᠡᠭᠦᠷ ᠵᠡᠷᠭᠡ 2 ᠠᠵᠤ ᠠᠬᠤᠶᠢᠯᠠᠯ ᠢ ᠵᠢᠯᠣᠭᠤᠳᠤᠨ ᠥᠪᠡᠷᠲᠡᠭᠡᠨ ᠵᠠᠰᠠᠬᠤ ᠣᠷᠣᠨ ᠤ ᠲᠠᠰ ᠤᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠠᠨ ᠤ ᠲᠥᠪ︾ ᠢᠶᠠᠷ ᠵᠥᠪᠰᠢᠶᠡᠷᠡᠭᠳᠡᠵᠦ᠂ 100 ᠲᠦᠮᠡᠨ ᠲᠥᠭᠦᠷᠢᠭ ᠤᠨ ᠲᠤᠰᠠᠯᠠᠮᠵᠢ ᠶᠢᠨ ᠪᠠᠯᠠ ᠮᠥᠩᠭᠦ ᠤᠯᠪᠠ᠃ ᠬᠤᠪᠣᠷ ᠰᠢᠷᠣᠶ ᠶᠢᠨ ᠰᠣᠷᠢᠨᠵᠢᠨ ᠬᠡᠷᠡᠭᠯᠡᠭᠡᠨ ᠤ ᠨᠠᠷᠢᠯᠢᠭ ᠰᠣᠷᠢᠨᠵᠢᠨ ᠴᠠᠭᠠᠷᠢᠭ ᠲᠣᠨᠤᠭ ᠤᠨ ᠠᠵᠤ ᠦᠢᠯᠡᠰᠵᠢᠯᠲᠡ ᠵᠡᠷᠭᠡ 6 ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶ ᠠᠰᠢᠭ ᠤᠨ ᠠᠵᠤ ᠦᠢᠯᠡᠰᠵᠢᠭᠰᠡᠨ ᠰᠢᠯᠢᠳᠡᠭ ᠵᠢᠱᠢᠶ᠎ᠡ︾ ᠢ ᠬᠦᠷᠲᠡᠪᠡ᠃ 11 ᠰᠠᠷ᠎ᠠ ᠶᠢᠨ ᠰᠡᠭᠦᠯᠴᠢ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ ᠬᠤᠪᠣᠷ ᠰᠢᠷᠣᠶ ᠶᠢᠨ ᠲᠤᠰᠬᠠᠶ ᠠᠰᠢᠭ 194 ᠬᠤᠪᠢ ᠪᠠᠶᠢᠵᠤ᠂ ᠪᠥᠬᠦ ᠣᠷᠣᠨ ᠤ ᠬᠦᠴᠦᠨ ᠪᠥᠬᠦᠶ ᠲᠤᠰᠬᠠᠶ ᠠᠰᠢᠭ 6892 ᠬᠤᠪᠢ ᠬᠦᠷᠴᠦ᠂ ᠴᠥᠮ ᠪᠥᠬᠦ ᠬᠤᠲᠠ ᠳᠤ ᠲᠡᠷᠢᠭᠦᠯᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号