ᠡᠬᠢᠨ ᠤ ᠵᠢᠯ ᠤᠨ ᠠᠩᠬᠠᠨ ᠤ ᠬᠤᠪᠢ ︱ ᠲᠢᠶᠠᠨ ᠾᠧ ᠰᠣᠷᠢᠨᠵᠢᠨ ᠮᠠᠲ᠋ᠧᠷᠢᠶᠠᠯ ᠵᠠᠬ᠎ᠠ ᠳᠡᠯᠭᠡᠭᠦᠷ ᠲᠤ ᠭᠠᠷᠪᠠ
ᠨᠡᠶᠢᠲᠡᠯᠡᠭᠰᠡᠨ ᠴᠠᠭ᠄
2025/1/14
      1 ᠰᠠᠷ᠎ᠠ ᠶᠢᠨ 3 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ︱ ᠪᠣᠭᠤᠳᠣ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠰᠲ᠋ᠣᠺ ᠤᠨ ᠲᠣᠪᠴᠢ ᠨᠡᠷᠡᠶᠢᠳᠦᠯ᠄ ᠲᠢᠶᠠᠨ ᠾᠧ ᠰᠣᠷᠢᠨᠵᠢᠨ ᠮᠠᠲ᠋ᠧᠷᠢᠶᠠᠯ  ᠃ ᠰᠲ᠋ᠣᠺ ᠤᠨ ᠺᠣᠳ᠋᠄ 603072︶ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠭᠤᠣᠯ ᠰᠠᠮᠪᠠᠷ᠎ᠠ ᠳᠤ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠪᠠ᠃ ᠲᠣᠰ ᠺᠣᠮᠫᠠᠨᠢ ᠪᠣᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠡᠬᠢᠯᠡᠯᠲᠡ ᠶᠢᠨ ᠣᠨ ᠤ ᠠᠩᠬᠠᠳᠠᠭᠴᠢ ᠬᠤᠪᠢ᠂ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠭᠤᠣᠯ ᠰᠠᠮᠪᠠᠷ᠎ᠠ ᠶᠢᠨ 2025 ᠣᠨ ᠤ ᠡᠬᠢᠯᠡᠯᠲᠡ ᠶᠢᠨ ᠣᠨ ᠤ ᠠᠩᠬᠠᠳᠠᠭᠴᠢ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠣᠯᠣᠨ᠎ᠠ᠃
     ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠲᠣᠰ ᠤᠳᠠᠭ᠎ᠠ ᠢᠯᠡ ᠪᠠᠷ ᠲᠠᠷᠬᠠᠭᠠᠭᠰᠠᠨ ᠬᠤᠪᠢ ᠨᠢ 6607 ᠲᠦᠮᠡᠨ ᠬᠤᠪᠢ ᠪᠠᠶᠢᠵᠤ᠂ ᠲᠠᠷᠬᠠᠭᠠᠭᠰᠠᠨ ᠦᠨ᠎ᠡ ᠨᠢ ᠬᠤᠪᠢ ᠪᠦᠷᠢ ᠳᠡᠭᠡᠨ 12.30 ᠲᠥᠭᠦᠷᠢᠭ᠂ ᠲᠠᠷᠬᠠᠭᠠᠭᠰᠠᠨ ᠠᠰᠢᠭ ᠣᠯᠵᠠᠪᠤᠷᠢ ᠶᠢᠨ ᠨᠣᠷᠮ᠎ᠠ ᠨᠢ 20.13 ᠳᠠᠬᠢᠨ ᠪᠣᠯᠣᠨ᠎ᠠ᠃ ᠲᠣᠰ ᠤᠳᠠᠭᠠᠨ ᠤ ᠲᠠᠷᠬᠠᠭᠠᠯᠲᠠ ᠳᠤ ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠦᠯᠵᠢᠶᠡᠨ ᠭᠠᠳᠠᠨ᠎ᠠ ᠲᠠᠷᠬᠠᠭᠠᠭᠰᠠᠨ ᠬᠠᠮᠤᠭ ᠡᠴᠦᠰ ᠤᠨ ᠲᠤᠭ᠎ᠠ 1321.40 ᠲᠦᠮᠡᠨ ᠬᠤᠪᠢ ᠪᠠᠶᠢᠵᠤ᠂ ᠰᠦᠯᠵᠢᠶᠡᠨ ᠳᠡᠭᠡᠷ᠎ᠡ ᠲᠠᠷᠬᠠᠭᠠᠭᠰᠠᠨ ᠬᠠᠮᠤᠭ ᠡᠴᠦᠰ ᠤᠨ ᠲᠤᠭ᠎ᠠ 5285.60 ᠲᠦᠮᠡᠨ ᠬᠤᠪᠢ ᠪᠣᠯᠣᠨ᠎ᠠ᠃ ᠥᠨᠥᠳᠥᠷ ᠤᠨ ᠰᠲ᠋ᠣᠺ ᠤᠨ ᠦᠨ᠎ᠡ ᠨᠢᠭᠡ ᠦᠶ᠎ᠡ 7 ᠳᠠᠬᠢᠨ ᠥᠰᠴᠦ᠂ 100 ᠲᠥᠭᠦᠷᠢᠭ / ᠰᠲ᠋ᠣᠺ ᠲᠤ ᠬᠦᠷᠴᠡᠢ
    ᠲᠢᠶᠠᠨ ᠾᠧ ᠰᠣᠷᠢᠨᠵᠢᠨ ᠮᠠᠲ᠋ᠧᠷᠢᠶᠠᠯ ᠨᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠬᠦ ᠪᠦᠬᠦ ᠶᠠᠪᠤᠴᠠ ᠶᠢᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠳᠤ ᠬᠤᠭᠤᠴᠠᠭᠠᠨ ᠤ ᠲᠤᠷᠰᠢ ᠥᠨᠳᠥᠷ ᠴᠢᠳᠠᠪᠬᠢ ᠲᠠᠢ ᠪᠠᠷ ᠲᠡᠮᠦᠷ ᠪᠤᠷ ᠢ ᠰᠢᠲᠠᠭᠠᠨ ᠪᠠᠷᠢᠯᠳᠤᠭᠤᠯᠬᠤ᠂ ᠰᠠᠮᠠᠷᠢ ᠺᠣᠪᠠᠯᠲ ᠤᠨ ᠮᠠᠲ᠋ᠧᠷᠢᠶᠠᠯ ᠢ ᠨᠠᠶᠢᠷᠠᠯᠭ᠎ᠠ ᠲᠠᠢ ᠰᠤᠳᠤᠯᠤᠨ ᠦᠢᠯᠡᠳᠬᠦ᠂ ᠮᠡᠷᠭᠡᠵᠢᠯ ᠤᠨ ᠤᠷ᠎ᠠ ᠮᠡᠷᠭᠡᠰᠢᠯ ᠤᠨ ᠰᠢᠨ᠎ᠡ ᠶᠢ ᠡᠭᠦᠳᠬᠦ ᠵᠢᠴᠢ ᠭᠤᠣᠯ ᠵᠠᠩᠭᠢᠯᠠᠭ᠎ᠠ ᠶᠢᠨ ᠲᠤᠨᠤᠭ ᠲᠥᠬᠦᠭᠡᠷᠦᠮᠵᠢ ᠶᠢ ᠰᠤᠳᠤᠯᠤᠨ ᠦᠢᠯᠡᠳᠬᠦ ᠪᠠᠷ ᠴᠢᠷᠮᠠᠶᠢᠪᠠ᠃     ᠬᠤᠪᠢ ᠡᠯᠰᠡᠬᠦ ᠪᠢᠴᠢᠭ ᠲᠤ ᠢᠯᠡᠷᠡᠭᠦᠯᠦᠭᠰᠡᠨ ᠢᠶᠠᠷ᠂ 2024 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ᠂ ᠲᠢᠶᠠᠨ ᠾᠧ ᠰᠣᠷᠢᠨᠵᠢᠨ ᠮᠠᠲ᠋ᠧᠷᠢᠶᠠᠯ ᠳᠤ ᠨᠡᠶᠢᠲᠡ 105 ᠵᠦᠢᠯ ᠤᠨ ᠲᠤᠰᠬᠠᠢ ᠠᠰᠢᠭ ᠤᠨ ᠡᠷᠬᠡ ᠣᠯᠭᠤᠪᠠ᠂ ᠡᠭᠦᠨ ᠳᠤ᠂ ᠠᠮᠧᠷᠢᠺᠠ᠂ ᠡᠸᠦ᠋ᠷᠦᠫᠡ᠂ ᠶᠠᠫᠤᠨ ᠵᠡᠷᠭᠡ ᠤᠯᠤᠰ ᠪᠠ ᠭᠠᠵᠠᠷ ᠣᠷᠣᠨ ᠤ 47 ᠵᠦᠢᠯ ᠤᠨ ᠲᠤᠰᠬᠠᠢ ᠠᠰᠢᠭ ᠤᠨ ᠡᠷᠬᠡ᠂ ᠤᠯᠤᠰ ᠤᠨ ᠳᠣᠲᠣᠭᠠᠳᠤ ᠶᠢᠨ 58 ᠵᠦᠢᠯ ᠤᠨ ᠲᠤᠰᠬᠠᠢ ᠠᠰᠢᠭ ᠤᠨ ᠡᠷᠬᠡ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠯᠤᠰ ᠤᠨ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢᠶᠠᠷ ᠦᠨᠡᠯᠡᠭᠳᠡᠵᠦ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠪᠠᠷ ᠵᠥᠪᠰᠢᠶᠡᠷᠡᠭᠳᠡᠵᠡᠢ᠃
   ᠲᠡᠷᠢᠭᠦᠨ ᠤ ᠮᠡᠷᠭᠡᠵᠢᠯ ᠳᠤ ᠲᠦᠰᠢᠭᠯᠡᠨ᠂ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠬᠦᠴᠦ ᠪᠠᠷ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡ ᠵᠢᠴᠢ ᠮᠠᠰᠢᠨ ᠲᠡᠷᠭᠡᠨ ᠤ ᠰᠡᠯᠪᠢᠭ ᠲᠣᠨᠤᠭ᠂ ᠡᠨᠧᠷᠭᠢ ᠠᠷᠪᠢᠯᠠᠬᠤ ᠭᠡᠷ ᠤᠨ ᠴᠠᠬᠢᠯᠭᠠᠨ ᠬᠡᠷᠡᠭᠰᠡᠯ ᠵᠡᠷᠭᠡ ᠬᠦᠷᠢᠶᠡᠨ ᠳᠠᠬᠢ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠯ ᠢ ᠥᠷᠭᠡᠳᠬᠡᠨ᠎ᠡ᠃ ᠤᠷᠢᠳ ᠬᠤᠵᠢᠳ ᠱᠠᠩᠬᠠᠢ ᠶᠢᠨ ᠴᠠᠬᠢᠯᠭᠠᠨ᠂ ᠳᠣᠷᠣᠨᠠᠳᠠᠬᠢᠨ ᠤ ᠴᠠᠬᠢᠯᠭᠠᠨ᠂ ᠴᠠᠩᠴᠧᠩ ᠮᠠᠰᠢᠨ ᠲᠡᠷᠭᠡ᠂ ᠫᠷᠦᠶᠢᠮ᠂ ᠹᠠᠯᠸᠢᠢᠤ᠋᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠰᠠᠨ ᠶᠠᠩ᠂  ᠱᠠᠩᠬᠠᠢ ᠶᠢᠨ ᠬᠠᠶᠢᠯᠢ᠂ ᠰᠢᠩ ᠯᠢᠨ ᠡᠯᠧᠺᠲᠷᠣᠨ᠂ ᠳ᠋ᠠ ᠵᠦᠩ ᠮᠠᠰᠢᠨ ᠲᠡᠷᠭᠡ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠦᠵᠦᠭᠦᠷ ᠤᠨ ᠵᠣᠴᠢᠨ ᠡᠷᠦᠬᠡ ᠲᠠᠢ ᠬᠠᠮᠲᠤᠷᠠᠯᠴᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠡᠬᠡ ᠬᠠᠭᠤᠷᠠᠢ᠂ ᠡᠸᠦ᠋ᠷᠦᠫᠡ ᠠᠮᠧᠷᠢᠺᠠ᠂  ᠶᠠᠫᠤᠨ ᠺᠣᠷᠢᠶᠠ ᠵᠡᠷᠭᠡ ᠭᠠᠵᠠᠷ ᠲᠤ ᠲᠦᠭᠡᠭᠰᠡᠨ ᠪᠦᠬᠦ ᠪᠥᠮᠪᠥᠷᠴᠡᠭ ᠤᠨ ᠪᠣᠷᠤᠯᠠᠭᠤᠯᠭ᠎ᠠ ᠶᠢᠨ ᠲᠣᠣᠷ ᠢ ᠠᠮᠵᠢᠯᠲᠠ ᠲᠠᠢ ᠪᠠᠶᠢᠭᠤᠯᠵᠠᠢ᠃     ᠣᠶᠢᠷ᠎ᠠ ᠶᠢᠨ ᠵᠢᠯ ᠠᠴᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠬᠠᠷᠢᠶ᠎ᠠ ᠣᠷᠣᠨ ᠤ ᠪᠠᠨ ᠰᠢᠯᠢᠳᠡᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠵᠢᠯ ᠢ ᠢᠳᠡᠪᠬᠢᠲᠡᠢ ᠠᠬᠢᠭᠤᠯᠵᠤ᠂ ︽ᠨᠢᠭᠡ ᠨᠢᠭᠡ ᠪᠠᠷ ᠬᠠᠷᠠᠭᠠᠯᠵᠠᠬᠤ︾ ᠠᠵᠤ ᠠᠬᠤᠶᠢᠯᠠᠯ ᠤᠨ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠪᠣᠯᠣᠨ ᠬᠢᠨᠠᠨ ᠬᠠᠷᠭᠤᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠳᠠᠮᠵᠢᠭᠤᠯᠪᠠ᠃ ᠡᠨᠡ ᠤᠳᠠᠭ᠎ᠠ ᠶᠢᠨ ᠲᠢᠶᠠᠨ ᠡᡁᠸ ᠰᠣᠷᠢᠨᠵᠢᠨ ᠮᠠᠲ᠋ᠧᠷᠢᠶᠠᠯ ᠢ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠭᠠᠷᠭᠠᠭᠰᠠᠨ ᠨᠢ ᠣᠶᠢᠷ᠎ᠠ ᠶᠢᠨ ᠨᠢᠭᠡ ᠰᠠᠷ᠎ᠠ ᠶᠢᠨ ᠲᠤᠷᠰᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠵᠠᠬ᠎ᠠ ᠳᠡᠯᠭᠡᠭᠦᠷ ᠲᠤ ᠭᠠᠷᠤᠭᠰᠠᠨ ᠬᠤᠶᠠᠳᠤᠭᠠᠷ ᠠᠵᠤ ᠠᠬᠤᠶᠢᠯᠠᠯ ᠪᠣᠯᠵᠠᠢ᠃     ᠣᠲᠣ ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠭᠤᠣᠯ ᠺᠣᠮᠫᠠᠨᠢ 4᠂ ᠦᠢᠯᠡᠰ ᠴᠣᠭᠴᠠᠯᠠᠬᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ 2᠂ ᠭᠤᠷᠪᠠᠳᠤᠭᠠᠷ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠰᠢᠨ᠎ᠡ ᠠᠵᠤ ᠠᠬᠤᠶᠢᠯᠠᠯ 6 ᠪᠣᠶ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号