ᠠᠵᠤ ᠠᠬᠤᠶᠢᠯᠠᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠰᠠᠨ ᠲᠤᠭ᠎ᠠ᠂ ᠠᠷᠠᠯᠵᠢᠶ᠎ᠠ ᠪᠦᠲᠦᠭᠰᠡᠨ ᠲᠤᠭ᠎ᠠ ᠨᠢ ︽ᠬᠤᠣᠰ ᠨᠢᠭᠡᠳᠦᠭᠡᠷ︾ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/1/14
     2024 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠭᠡᠷ᠎ᠡ ᠶᠢ ᠨᠤᠲᠠᠯᠠᠨ ᠲᠣᠭᠲᠠᠭᠠᠵᠤ ᠳᠠᠩᠰᠠᠯᠠᠭᠰᠠᠨ ᠨᠢ ᠨᠡᠶᠢᠳᠡ 197 ᠵᠦᠢᠯ ᠢ ᠪᠡᠶᠡᠯᠡᠭᠦᠯᠵᠦ᠂ ᠪᠤᠭᠤᠲᠤ ᠬᠤᠳᠠ ᠶᠢᠨ ᠶᠡᠷᠦᠩᠬᠡᠢ ᠬᠡᠮᠵᠢᠶ᠎ᠡ ᠶᠢᠨ 41.5%  ᠢ ᠡᠵᠡᠯᠡᠵᠦ᠂ ᠪᠦᠬᠦ ᠬᠤᠳᠠ ᠶᠢᠨ ᠨᠢᠭᠡᠳᠦᠭᠡᠷ ᠲᠤ ᠣᠷᠣᠵᠠᠢ︔ ᠪᠥᠬᠦ ᠵᠢᠯ ᠤᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 8.7 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 7.6% ᠪᠠᠷ ᠨᠡᠮᠡᠭᠳᠡᠨ᠂ ᠪᠤᠭᠤᠲᠤ ᠬᠤᠲᠠ ᠶᠢᠨ ᠡᠵᠡᠯᠡᠬᠦ ᠬᠠᠷᠢᠴᠠᠯ 42.3% ᠬᠦᠷᠴᠦ᠂ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠳᠡᠭᠡᠷ᠎ᠡ ᠳᠤᠷᠠᠳᠤᠭᠰᠠᠨ ᠠᠮᠵᠢᠯᠲᠠ ᠶᠢ ᠣᠯᠣᠭᠰᠠᠨ ᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠳᠠ ᠴᠢᠯᠠᠭᠤ ᠮᠡᠲᠦ ᠪᠠᠲᠤ ᠪᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠠᠭᠤᠷᠢ ᠪᠣᠯᠣᠨ ᠥᠷᠨᠢᠭᠦᠨ ᠪᠠᠳᠠᠷᠠᠩᠭᠤᠢ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠠᠷᠠᠭᠤᠯᠵᠠᠢ᠃    ᠠᠮᠵᠢᠯᠲᠠ ᠪᠦᠲᠦᠮᠵᠢ ᠶᠢᠨ ᠠᠷᠤ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠯᠠᠪᠳᠠᠭᠤᠨ ᠲᠣᠭᠲᠠᠭᠤᠨ᠂ ᠨᠠᠷᠢᠯᠢᠭ ᠲᠠᠷᠢᠵᠤ ᠨᠢᠮᠪᠠᠢ ᠠᠷᠠᠴᠢᠯᠠᠭᠰᠠᠨ ᠥᠩᠭᠡᠷᠡᠯᠲᠡ ᠪᠤᠢ᠃ ᠣᠶᠢᠷ᠎ᠠ ᠶᠢᠨ ᠵᠢᠯ ᠠᠴᠠ ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠮᠠᠭᠲᠠ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠣᠷᠣᠨ ᠪᠦᠰᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠨᠢᠭᠤᠴᠠ ᠲᠡᠮᠳᠡᠭ ᠢᠶᠠᠷ ᠦᠵᠡᠵᠦ᠂ ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠳᠡᠭᠡᠷ᠎ᠡ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ 2024 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠵᠢᠷᠤᠭ ᠲᠥᠯᠥᠪᠯᠡᠭᠡ ᠪᠠᠨ ᠨᠠᠷᠢᠨ ᠨᠢᠮᠪᠠᠢ ᠵᠢᠷᠤᠭᠯᠠᠵᠤ᠂ ᠤᠯᠠᠨ ᠵᠦᠢᠯ ᠤᠨ ᠠᠷᠭ᠎ᠠ ᠶᠢ ᠵᠡᠷᠭᠡᠪᠡᠷ ᠬᠡᠷᠡᠭᠯᠡᠵᠦ᠂ ᠪᠦᠬᠦ ᠲᠠᠯ᠎ᠠ ᠪᠠᠷ ᠮᠡᠷᠭᠡᠵᠢᠯ ᠤᠨ ᠭᠡᠷ᠎ᠡ ᠶᠢ ᠨᠤᠲᠠᠯᠠᠨ ᠳᠠᠩᠰᠠᠯᠠᠬᠤ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠲᠡᠭᠦᠨ ᠤ ᠯᠠᠪᠳᠠᠭᠤᠨ ᠪᠠᠲᠤᠲᠠᠢ ᠨᠠᠶᠢᠳᠠᠪᠤᠷᠢᠵᠢᠬᠤ ᠶᠢ ᠠᠬᠢᠭᠤᠯᠪᠠ᠃
    ᠠᠵᠤ ᠠᠬᠤᠶᠢᠯᠠᠯ ᠤᠨ ᠳᠠᠯᠳᠠ ᠬᠦᠴᠦᠨ ᠢ ᠠᠭᠤᠳᠠᠯᠣᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ︽ᠨᠢᠭᠡ ᠶᠢ ᠴᠦ ᠣᠷᠬᠢᠭᠳᠠᠭᠤᠯᠬᠤ ᠦᠭᠡᠢ︾ ᠵᠣᠷᠢᠭ ᠰᠠᠨᠠᠭ᠎ᠠ  ᠶᠢ ᠪᠠᠷᠢᠮᠲᠠᠯᠠᠵᠤ᠂ ᠣᠷᠣᠨ ᠤ 120 ᠠᠵᠣ ᠠᠬᠠᠶᠢᠯᠠᠯ ᠶᠢ ᠦᠶ᠎ᠡ ᠵᠠᠢ ᠦᠭᠡᠢ  ᠪᠠᠶᠢᠴᠠᠭᠠᠨ᠂ ᠥᠪᠥᠷ ᠮᠣᠩᠭᠤᠯ ᠤᠨ ᠰᠢᠨ ᠯᠢᠶᠠᠨ ᠮᠡᠳᠡᠭᠡ ᠵᠠᠩᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠰᠢᠨ ᠯᠦᠩ ᠬᠤᠬᠢᠷᠠᠯ ᠦᠭᠡᠢ ᠶᠢ ᠪᠠᠶᠢᠴᠠᠭᠠᠨ ᠰᠢᠯᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠪᠧᠢ ᠺᠧ ᠵᠠᠮ ᠬᠠᠷᠢᠯᠴᠠᠭᠠᠨ ᠤ ᠲᠣᠮᠣ ᠮᠠᠰᠢᠨ ᠬᠥᠮᠥᠨ ᠤ ᠬᠢᠵᠠᠭᠠᠷᠲᠤ ᠺᠣᠮᠫᠠᠨᠢ ᠵᠡᠷᠭᠡ ᠳᠠᠯᠳᠠ ᠬᠦᠴᠦᠨ ᠢᠶᠠᠷ ᠲᠣᠪᠣᠶᠢᠮ᠎ᠠ ᠠᠵᠤ ᠠᠬᠤᠶᠢᠯᠠᠯ ᠢ ᠨᠠᠷᠢᠯᠢᠭ ᠣᠨᠣᠴᠠᠲᠠᠢ ᠪᠠᠷ ᠲᠣᠭᠲᠠᠭᠠᠵᠤ᠂ ᠪᠥᠬᠦ ᠰᠡᠳᠬᠢᠯ ᠤᠨ ᠵᠢᠯᠣᠭᠤᠳᠤᠯᠭ᠎ᠠ ᠳᠣᠣᠷ᠎ᠠ᠂ ᠡᠲᠡᠭᠡᠷ ᠠᠵᠤ ᠠᠬᠤᠶᠢᠯᠠᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ ᠂ 9539 ᠲᠦᠮᠡᠨ ᠲᠥᠭᠦᠷᠢᠭ ᠤᠨ ᠠᠷᠠᠯᠵᠢᠶ᠎ᠠ ᠪᠦᠲᠦᠭᠰᠡᠨ ᠨᠣᠷᠮ᠎ᠠ ᠶᠢ ᠠᠬᠢᠭᠤᠯᠤᠨ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠡᠷᠡᠯ ᠭᠢᠯᠪᠠᠭ᠎ᠠ ᠶᠢ ᠨᠡᠮᠡᠭᠳᠡᠭᠦᠯᠦᠨ ᠬᠦᠴᠦᠨ ᠴᠢᠳᠠᠯ ᠢ ᠲᠦᠪᠯᠡᠷᠡᠭᠦᠯᠪᠠ᠃
     ᠬᠢᠨᠠᠨ ᠬᠠᠷᠭᠤᠭᠤᠯᠵᠤ ᠪᠣᠭᠤᠮᠲᠠ ᠰᠠᠬᠢᠬᠤ ᠭᠤᠭᠴᠤᠭ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠬᠢᠨᠠᠨ ᠬᠠᠷᠭᠤᠭᠤᠯᠬᠤ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠩᠭ᠎ᠠ ᠨᠢᠮᠪᠠᠢ᠂ ᠵᠢᠷᠤᠮᠵᠢᠯ ᠲᠠᠢ ᠰᠢᠨᠵᠢᠯᠡᠬᠦ ᠤᠬᠠᠭᠠᠨᠴᠢ ︽ᠰᠡᠷᠭᠡᠶᠢᠯᠡᠯᠲᠡ ᠶᠢᠨ ᠬᠡᠷᠡᠮ︾  ᠢ ᠪᠠᠶᠢᠭᠤᠯᠵᠤ᠂ ᠭᠡᠷ᠎ᠡ ᠶᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠪᠦᠲᠦᠮᠵᠢᠲᠦ ᠴᠢᠨᠠᠷ ᠲᠤ ︽ᠪᠡᠶ᠎ᠡ ᠶᠢᠨ ᠪᠠᠶᠢᠴᠠᠭᠠᠯᠲᠠ︾ ᠬᠢᠵᠦ᠂ ᠶᠠᠰᠤ ᠴᠢᠨᠠᠷ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠪᠠᠲᠤᠯᠠᠵᠠᠢ᠃     ᠡᠭᠦᠨ ᠤ ᠵᠡᠷᠭᠡ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠴᠢᠳᠠᠪᠤᠷᠢᠲᠠᠨ ᠤ ᠴᠢᠳᠠᠪᠤᠷᠢ ᠣᠯᠭᠤᠬᠤ ᠡᠨᠡ ᠬᠦ ᠭᠤᠣᠯᠯᠠᠬᠤ ᠬᠥᠳᠡᠯᠭᠡᠭᠴᠢ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠭᠡᠷ᠎ᠡ ᠳᠠᠩᠰᠠᠯᠠᠭᠤᠯᠬᠤ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠰᠢᠰᠲ᠋ᠧᠮ ᠲᠠᠢ ᠪᠥᠭᠡᠳ ᠭᠦᠨᠵᠡᠭᠡᠢ᠂ ᠨᠢᠭᠲᠠ ᠬᠤᠯᠪᠣᠯᠳᠤᠭᠰᠠᠨ ᠪᠣᠯᠪᠠᠰᠤᠷᠠᠭᠤᠯᠤᠯ ᠤᠨ ᠬᠢᠴᠢᠶᠡᠯ ᠢᠶᠠᠷ ᠳᠠᠮᠵᠢᠭᠤᠯᠤᠨ᠂ ︽ᠲᠠᠪᠤᠨ ᠮᠡᠷᠭᠡᠵᠢᠯ ᠤᠨ ᠭᠡᠷ᠎ᠡ︾ ᠶᠢ ᠢᠯᠭᠠᠨ ᠲᠠᠨᠢᠬᠤ ᠴᠢᠳᠠᠪᠤᠷᠢ ᠪᠠᠨ ᠴᠢᠩᠭᠠᠳᠬᠠᠵᠤ᠂ ᠡᠭᠦᠨ ᠤ ᠤᠯᠠᠮ ᠢᠶᠠᠷ ᠠᠵᠤ ᠠᠬᠤᠶᠢᠯᠠᠯ ᠳᠤ ᠲᠤᠰᠬᠠᠢ ᠮᠡᠷᠭᠡᠵᠢᠯ ᠤᠨ ᠨᠠᠷᠢᠯᠢᠭ ᠣᠨᠣᠴᠠᠲᠠᠢ ᠳᠡᠩᠰᠡᠯᠡᠨ ᠵᠢᠯᠣᠭᠤᠳᠤᠯᠭ᠎ᠠ ᠬᠠᠩᠭᠠᠬᠤ ᠬᠡᠷᠡᠭᠲᠡᠢ᠃ 2024 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠪᠣᠯᠪᠠᠰᠤᠷᠠᠯ ᠤᠨ ᠬᠤᠷᠠᠯ ᠤᠨ ᠬᠤᠭᠤᠴᠠᠭᠠᠨ ᠳᠤ᠂ 137 ᠠᠵᠤ ᠠᠬᠤᠶᠢᠯᠠᠯ ᠤᠨ 160 ᠰᠢᠬᠠᠮ ᠲᠤᠰᠬᠠᠢ ᠮᠡᠷᠭᠡᠵᠢᠯ ᠤᠨ ᠰᠣᠳᠣᠨ ᠬᠥᠮᠥᠰ ᠢᠳᠡᠪᠬᠢᠲᠡᠢ ᠣᠷᠣᠯᠴᠠᠵᠤ᠂ ᠣᠷᠣᠨ ᠪᠦᠰᠡ ᠶᠢᠨ ᠳᠣᠲᠣᠷ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠷᠤᠯᠴᠠᠯᠭ᠎ᠠ ᠶᠢᠨ ᠥᠷᠨᠢᠯᠲᠡ ᠭᠠᠷᠭᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号