ᠡᠨᠡ ᠵᠢᠯ ᠠᠴᠠ ᠨᠠᠭᠠᠰᠢ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠰᠢᠨ᠎ᠡ ᠴᠠᠭ ᠦᠶ᠎ᠡ ᠶᠢᠨ | ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ | ᠲᠦᠷᠭᠡᠪᠴᠢᠯᠡᠨ ᠠᠬᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ︽ | ᠴᠢᠳᠠᠪᠤᠷᠢᠲᠠᠨ᠂ ᠴᠢᠳᠠᠪᠤᠷᠢ᠂ ᠬᠡᠷᠡᠭ ᠤᠨ ᠢᠷᠡᠯᠲᠡ᠂ ᠮᠡᠷᠭᠡᠵᠢᠯ︾ ᠳᠥᠷᠪᠡᠨ ᠲᠠᠯ᠎ᠠ ᠠᠴᠠ ᠬᠦᠴᠦᠯᠡᠨ᠂ ᠲᠤᠰᠬᠠᠢ | ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠶᠠᠰᠤ ᠴᠢᠨᠠᠷ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠥᠪᠥᠷ ᠮᠣᠩᠭᠤᠯ ᠤᠨ ᠲᠤᠰᠬᠠᠢ ᠠᠰᠢᠭ ᠤᠨ ᠵᠢᠭᠤᠷᠠᠯᠳᠤᠭᠠᠨ ᠤ | ᠲᠤᠬᠠᠢ ᠶᠢᠨ ᠲᠢᠩᠬᠢᠮ ᠳᠤ ᠵᠠᠰᠠᠭ ᠵᠠᠬᠢᠷᠭᠠᠨ ᠤ ᠲᠠᠰᠤᠯᠤᠯᠲᠠ ᠶᠢᠨ ᠠᠩᠬᠠᠳᠠᠭᠴᠢ ᠬᠡᠷᠡᠭ᠂ ᠪᠤᠭᠤᠲᠤ ᠬᠤᠲᠠ ᠶᠢᠨ | ᠲᠠᠷᠢᠶᠠᠯᠠᠩ ᠤᠨ ᠮᠠᠰᠢᠨ ᠤ ᠬᠦᠷᠢᠶᠡᠨ ᠳᠠᠬᠢ ᠲᠤᠰᠬᠠᠶ ᠠᠰᠢᠭ ᠤᠨ ᠵᠢᠭᠤᠷᠠᠯᠳᠤᠭᠠᠨ ᠤ ᠵᠠᠰᠠᠭ ᠵᠠᠬᠢᠷᠭᠠᠨ ᠤ | ᠲᠠᠰᠤᠯᠤᠯᠲᠠ ᠶᠢᠨ ᠠᠩᠬᠠᠳᠠᠭᠴᠢ ᠬᠡᠷᠡᠭ ᠢ ᠠᠮᠵᠢᠯᠲᠠ ᠲᠠᠢ ᠰᠢᠢᠳᠪᠦᠷᠢᠯᠡᠪᠡ︔ ᠪᠤᠭᠤᠲᠤ ᠬᠤᠲᠠ ᠨᠢ ᠥᠪᠥᠷ | ᠮᠣᠩᠭᠤᠯ ᠤᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ | ᠲᠠᠰᠤᠯᠤᠯᠲᠠ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢᠨ ᠭᠠᠵᠠᠷ ᠣᠷᠣᠨ ᠢᠶᠠᠷ ᠲᠣᠭᠲᠠᠭᠠᠭᠳᠠᠪᠠ︔ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠥᠪᠥᠷ ᠮᠣᠩᠭᠤᠯ ᠤᠨ | ᠬᠠᠮᠢᠶ᠎ᠠ ᠪᠦᠬᠦᠢ ᠠᠵᠢᠯ ᠢ ᠰᠢᠯᠭᠠᠨ ᠠᠪᠬᠤ ᠬᠤᠭᠤᠴᠠᠭᠠᠨ ᠳᠤ ᠮᠠᠨ ᠤ ᠬᠤᠲᠠ ᠶᠢᠨ ᠲᠣᠰ ᠠᠵᠢᠯ ᠢ ᠭᠦᠢᠴᠡᠳ | ᠨᠤᠲᠠᠯᠠᠪᠠ᠃ | ᠨᠢᠭᠡ ᠳᠤ ᠲᠤᠰᠬᠠᠶ ᠮᠡᠷᠭᠡᠵᠢᠯ ᠤᠨ ᠡᠩᠨᠡᠭᠡ ᠪᠠᠨ ᠦᠷᠭᠡᠳᠬᠡᠪᠡ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ 9 | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠵᠢᠯᠣᠭᠤᠳᠤᠨ ︽ᠥᠪᠥᠷ ᠮᠣᠩᠭᠤᠯ ᠤᠨ ᠠᠩᠬᠠᠨ ᠤ | ᠪᠦᠯᠦᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ | ᠭᠠᠵᠠᠷ︾ ᠪᠣᠯᠭᠠᠨ ᠡᠭᠦᠳᠦᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠦᠢᠯᠡᠴᠢᠯᠡᠭᠡᠨ ᠤ ᠴᠣᠩᠬᠤᠪᠴᠢ ᠲᠣᠬᠢᠷᠠᠭᠤᠯᠵᠤ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠠᠰᠠᠭ ᠵᠠᠬᠢᠷᠭᠠᠨ ᠤ ᠲᠠᠰᠤᠯᠤᠯᠲᠠ ᠶᠢᠨ ᠭᠠᠵᠠᠷ ᠤᠨ ᠬᠠᠮᠠᠭᠠᠯᠠᠯᠲᠠ ᠶᠢᠨ ᠦᠢᠯᠡᠴᠢᠯᠡᠭᠡᠨ ᠤ ᠴᠣᠩᠬᠤᠪᠴᠢ ᠶᠢᠨ | ᠠᠵᠢᠯ ᠤᠨ ᠵᠦᠭᠯᠡᠭᠦᠷ︾ ᠢ ᠨᠠᠶᠢᠷᠠᠭᠤᠯᠤᠨ ᠳᠠᠷᠤᠮᠠᠯᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠶᠢᠨ ᠦᠢᠯᠡᠴᠢᠯᠡᠭᠡᠨ ᠤ ᠬᠠᠮᠢᠶ᠎ᠠ ᠪᠥᠬᠦᠶ ᠲᠦᠷᠢᠮ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠵᠢᠯ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠤᠯᠠᠮ | ᠨᠢᠭᠡ ᠠᠯᠬᠤᠮ ᠣᠷᠳᠤᠳᠬᠠᠪᠠ᠃ | ᠬᠤᠶᠠᠷ ᠲᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠪᠡ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠲᠠ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠪᠣᠯᠪᠠᠰᠤᠷᠠᠯ ᠤᠨ | ᠠᠩᠭᠢ ᠡᠷᠭᠢᠯᠡᠵᠦ᠂ ᠬᠡᠷᠡᠭ ᠰᠢᠢᠳᠪᠦᠷᠢᠯᠡᠬᠦ ᠳᠤ ︽ᠰᠤᠯᠠ ᠰᠣᠨᠣᠰᠬᠤ︾ ᠵᠠᠭᠪᠤᠷ ᠢ ᠬᠡᠷᠡᠭᠵᠢᠭᠦᠯᠵᠦ᠂ ᠦᠨᠳᠦᠰᠦᠨ | ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠵᠠᠰᠠᠭ ᠵᠠᠬᠢᠷᠭᠠᠨ ᠤ ᠲᠠᠰᠤᠯᠤᠯᠲᠠ ᠶᠢᠨ | ᠬᠡᠷᠡᠭ ᠢ ᠰᠢᠢᠳᠪᠦᠷᠢᠯᠡᠬᠦ ᠶᠠᠪᠤᠴᠠ ᠶᠢ ᠲᠣᠭᠤᠷᠢᠨ ᠦᠵᠡᠵᠦ ᠰᠤᠯᠠ ᠰᠣᠨᠣᠰᠴᠤ᠂ ︽ᠵᠢᠪᠦᠯ︾ ᠵᠢᠭᠠᠨ | ᠰᠤᠷᠭᠠᠯᠲᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠨᠳᠦᠰᠦᠨ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ ᠭᠠᠵᠠᠷ ᠬᠢᠭᠡᠳ ᠬᠡᠷᠡᠭ ᠪᠠᠶᠢᠴᠠᠭᠠᠬᠤ᠂ ᠪᠢᠴᠢᠭ ᠬᠠᠷ᠎ᠠ ᠬᠦᠷᠭᠡᠬᠦ | ᠵᠡᠷᠭᠡ ᠭᠤᠭᠴᠤᠭ᠎ᠠ ᠶᠢ ᠣᠷᠣᠭᠤᠯᠤᠨ ᠠᠪᠴᠢᠷᠠᠵᠤ᠂ ᠬᠡᠷᠡᠭ ᠤᠨ ᠬᠠᠮᠵᠢᠯᠴᠠᠨ ᠭᠦᠢᠴᠡᠳᠬᠡᠬᠦ ᠶᠢ ᠠᠯᠬᠤᠮ | ᠠᠯᠬᠤᠮ ᠢᠶᠠᠷ ᠵᠢᠯᠤᠭᠤᠳᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠶ ᠠᠰᠢᠭ ᠤᠨ | ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠪᠣᠲᠠᠲᠠᠢ ᠳᠡᠭᠡᠭᠰᠢᠯᠡᠭᠦᠯᠪᠡ᠃ | ᠭᠤᠷᠪᠠ ᠳᠤ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠪᠡ᠃ | ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠠᠢ | ᠬᠤᠯᠪᠣᠭᠠᠯᠠᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ | ᠲᠠᠰᠤᠯᠤᠯᠲᠠ ᠶᠢ ᠮᠡᠳᠡᠭᠳᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠡᠶᠡᠳᠡᠭᠦᠯᠬᠦ ᠵᠣᠬᠢᠶᠠᠨ ᠪᠠᠶᠢᠭᠤᠯᠤᠯᠲᠠ᠂ ᠵᠠᠰᠠᠭ ᠵᠠᠬᠢᠷᠭᠠᠨ ᠤ ᠬᠢᠨᠠᠨ ᠲᠠᠰᠤᠯᠤᠯᠲᠠ ᠶᠢᠨ ᠭᠠᠵᠠᠷ | ᠂ ᠡᠷᠬᠡ ᠪᠠᠨ ᠬᠠᠮᠠᠭᠠᠯᠠᠵᠤ ᠲᠤᠰᠠᠯᠠᠨ ᠳᠡᠮᠵᠢᠬᠦ ᠠᠵᠢᠯ ᠤᠨ ᠥᠷᠲᠡᠭᠡ᠂ ᠬᠠᠤᠯᠢᠴᠢ᠂ ᠦᠨᠳᠦᠰᠦᠨ ᠱᠠᠲᠤᠨ ᠤ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ | ᠰᠢᠢᠳᠪᠦᠷᠢᠯᠡᠬᠦ ᠦᠶ᠎ᠡ ᠳᠤ᠂ ᠲᠤᠬᠠᠶ ᠶᠢᠨ ᠬᠥᠮᠦᠨ ᠳᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ | ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠳᠠᠪᠠᠭᠤᠯᠢᠭ ᠢ ᠢᠳᠡᠪᠬᠢᠲᠡᠶ ᠪᠠᠷ ᠲᠠᠨᠢᠯᠴᠠᠭᠤᠯᠬᠤ ᠶᠢᠨ | ᠬᠠᠮᠲᠤ ︽ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢ | ᠮᠡᠳᠡᠭᠳᠡᠬᠦ ᠪᠢᠴᠢᠭ︾ ᠣᠯᠭᠤᠬᠤ ᠶᠢ ᠰᠠᠨᠠᠭᠠᠴᠢᠯᠠᠪᠠ᠃ ︽ᠮᠥᠩᠬᠡ ᠰᠤᠪᠠᠭ︾ ᠲᠠᠪᠴᠠᠩ ᠢᠶᠠᠷ ᠳᠠᠮᠵᠢᠭᠤᠯᠤᠨ | ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠬᠡᠷᠡᠭ ᠢ ᠰᠢᠢᠳᠪᠦᠷᠢᠯᠡᠬᠦ ᠴᠤᠪᠤᠷᠠᠯ ᠵᠢᠷᠤᠭ᠂ | ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠤ ᠬᠡᠷᠡᠭ ᠢ ᠰᠢᠢᠳᠪᠦᠷᠢᠯᠡᠬᠦ ᠭᠠᠷ ᠳᠡᠪᠲᠡᠷ ᠢ | ᠥᠷᠭᠡᠨ ᠢᠶᠠᠷ ᠨᠡᠶᠢᠲᠡᠯᠡᠵᠦ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠤ ᠵᠠᠰᠠᠭ ᠵᠠᠬᠢᠷᠭᠠᠨ ᠤ | ᠲᠠᠰᠤᠯᠤᠯᠲᠠ ᠶᠢᠨ ᠬᠡᠷᠡᠭ ᠤᠨ ᠰᠦᠪᠡᠭᠴᠢ ᠶᠢ ᠢᠯᠡ ᠪᠠᠷ ᠡᠯᠰᠡᠨ ᠴᠤᠭᠯᠠᠭᠤᠯᠵᠤ᠂ ᠲᠤᠰᠬᠠᠶ ᠠᠰᠢᠭ ᠤᠨ ᠡᠷᠬᠡ ᠳᠤ | ᠬᠠᠯᠳᠠᠭᠰᠠᠨ ᠰᠦᠪᠡᠭᠴᠢ ᠶᠢ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠤᠰ ᠵᠠᠮ ᠢᠶᠠᠷ ᠭᠥᠯᠢᠶᠡᠨ | ᠠᠪᠴᠤ ᠰᠢᠢᠳᠪᠦᠷᠢᠯᠡᠬᠦ ᠵᠠᠭᠪᠤᠷ ᠢ ᠪᠣᠶ ᠪᠣᠯᠭᠠᠵᠤ᠂ ᠨᠡᠪᠲᠡᠷᠡᠯᠴᠡᠬᠦ ᠣᠯᠠᠨ ᠠᠷᠭ᠎ᠠ ᠵᠠᠮ᠂ ᠵᠠᠶ ᠥᠬᠡᠶ ᠪᠠᠶᠢᠬᠤ ᠶᠢ | ᠪᠡᠶᠡᠯᠡᠭᠦᠯᠵᠦ᠂ ᠮᠠᠨ ᠤ ᠬᠤᠲᠠ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠭᠠᠯᠳᠤᠵᠤ | ᠢᠯᠡᠴᠢᠯᠡᠨ ᠮᠡᠳᠡᠭᠦᠯᠦᠯᠲᠡ ᠶᠢ ᠵᠠᠯᠭᠠᠭ᠎ᠠ ᠪᠠᠷ 2 ᠵᠢᠯ 100 % ᠪᠠᠷ ᠭᠥᠯᠢᠶᠡᠨ ᠠᠪᠴᠤ ᠰᠢᠢᠳᠪᠦᠷᠢᠯᠡᠪᠡ᠃ | ᠳᠥᠷᠪᠡ ᠳᠤ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠪᠠ᠃ ᠪᠦᠬᠦ ᠣᠷᠣᠨ ᠳᠤ ᠮᠡᠷᠭᠡᠵᠢᠯ ᠤᠨ | ᠪᠠᠶᠢᠴᠠᠭᠠᠯᠲᠠ ᠶᠢᠨ ᠳᠠᠷᠤᠭ᠎ᠠ ᠶᠢᠨ ᠳᠦᠷᠢᠮ ᠢ ᠤᠷᠢᠳᠠᠪᠠᠷ ᠪᠠᠶᠢᠭᠤᠯᠵᠤ᠂ ᠠᠩᠬᠠᠨ ᠤ ᠪᠦᠯᠦᠭ 16 ᠨᠡᠷᠡᠰ | ᠮᠡᠷᠭᠡᠵᠢᠯ ᠤᠨ ᠪᠠᠶᠢᠴᠠᠭᠠᠭᠴᠢ ᠶᠢ ᠡᠯᠰᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠷᠭᠡᠵᠢᠯ ᠤᠨ | ᠪᠠᠶᠢᠴᠠᠭᠠᠭᠴᠢ ᠶᠢᠨ ᠬᠡᠷᠡᠭ ᠰᠢᠢᠳᠪᠦᠷᠢᠯᠡᠬᠦ ᠳᠤ ᠣᠷᠣᠯᠴᠠᠬᠤ ᠶᠢ ᠵᠣᠷᠢᠭᠵᠢᠭᠤᠯᠪᠠ᠃ 2024 ᠣᠨ ᠳᠤ᠂ | ᠬᠡᠷᠡᠭᠴᠡᠭᠡ ᠪᠠᠨ ᠦᠨᠳᠦᠰᠦᠯᠡᠨ ᠮᠡᠷᠭᠡᠵᠢᠯ ᠤᠨ ᠪᠠᠶᠢᠴᠠᠭᠠᠯᠲᠠ ᠶᠢᠨ ᠳᠠᠷᠤᠭ᠎ᠠ ᠶᠢ 67 ᠤᠳᠠᠭ᠎ᠠ ᠬᠡᠷᠡᠭᠯᠡᠬᠦ ᠪᠠᠷ | ᠭᠤᠶᠤᠴᠢᠯᠠᠵᠤ᠂ ᠵᠠᠰᠠᠭ ᠵᠠᠬᠢᠷᠭᠠᠨ ᠤ ᠲᠣᠭᠲᠠᠭᠠᠯᠲᠠ ᠶᠢᠨ ᠲᠤᠰᠬᠠᠶᠢᠵᠢᠯᠲᠠ᠂ ᠣᠨᠣᠪᠴᠢᠵᠢᠯᠲᠠ ᠶᠢ ᠦᠨᠡᠨ ᠬᠦ | ᠪᠠᠲᠤᠯᠠᠪᠠ᠃ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ | ᠲᠠᠰᠤᠯᠤᠯᠲᠠ ᠶᠢᠨ ᠠᠮᠠ ᠪᠠᠷ ᠰᠢᠭᠦᠬᠦ ᠲᠢᠩᠬᠢᠮ ᠢ ᠰᠢᠨ᠎ᠡ ᠪᠠᠷ ᠪᠠᠶᠢᠭᠤᠯᠵᠤ᠂ ᠳᠠᠭᠤ ᠳᠦᠷᠰᠦ ᠰᠢᠩᠭᠡᠭᠡᠯᠲᠡ᠂ | ᠠᠯᠤᠰ ᠠᠴᠠ ᠰᠢᠭᠤᠳ ᠨᠡᠪᠲᠡᠷᠡᠭᠦᠯᠬᠦ ᠵᠡᠷᠭᠡ ᠮᠡᠷᠭᠡᠵᠢᠯ ᠤᠨ ᠪᠠᠲᠤᠯᠠᠭ᠎ᠠ ᠶᠢᠨ ᠲᠥᠬᠦᠭᠡᠷᠦᠮᠵᠢ ᠶᠢ ᠲᠣᠬᠢᠷᠠᠭᠤᠯᠤᠨ᠂ | ᠵᠠᠰᠠᠭ ᠵᠠᠬᠢᠷᠭᠠᠨ ᠤ ᠲᠠᠰᠤᠯᠤᠯᠲᠠ ᠶᠢᠨ ᠮᠡᠳᠡᠭᠡ ᠵᠠᠩᠭᠢᠵᠢᠯᠲᠠ᠂ ᠣᠶᠤᠨᠴᠢᠯᠠᠭᠰᠠᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ |