ᠶᠢᠰᠦᠨ ᠰᠠᠯᠠᠭ᠎ᠠ ᠮᠥᠴᠢᠷ 2025 ᠣᠨ ᠤ ︽ᠬᠥᠯᠥᠰᠥᠨ ᠠᠵᠢᠯᠴᠢᠨ ᠤ ᠬᠠᠪᠤᠷ ᠤᠨ ᠤᠷᠢ︾ ᠦᠢᠯᠡᠴᠢᠯᠡᠭᠡᠨ ᠤ ᠠᠵᠢᠯᠯᠠᠭᠠᠨ ᠢ ᠬᠠᠮᠲᠤᠷᠠᠨ ᠥᠷᠨᠢᠭᠦᠯᠪᠡ
ᠨᠡᠶᠢᠲᠡᠯᠡᠭᠰᠡᠨ ᠴᠠᠭ᠄
2025/1/16
     ᠶᠢᠰᠦᠨ ᠰᠠᠯᠠᠭ᠎ᠠ ᠮᠥᠴᠢᠷ 2025 ᠣᠨ ᠤ ︽ᠬᠦᠯᠦᠰᠦᠨ ᠠᠵᠢᠯᠴᠢᠨ ᠤ ᠬᠠᠪᠤᠷ ᠤᠨ ᠤᠷᠢ︾ ᠦᠢᠯᠡᠴᠢᠯᠡᠭᠡᠨ ᠤ ᠠᠵᠢᠯᠯᠠᠭᠠᠨ ᠢ ᠬᠠᠮᠲᠤᠷᠠᠨ ᠥᠷᠨᠢᠭᠦᠯᠪᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠠᠷᠠᠳ ᠤᠨ ᠶᠠᠪᠤᠳᠠᠯ ᠤᠨ ᠶᠠᠮᠤᠨ ᠵᠡᠷᠭᠡ 9 ᠰᠠᠯᠠᠭ᠎ᠠ ᠮᠥᠴᠢᠷ ᠣᠶᠢᠷ᠎ᠠ ᠶᠢᠨ ᠡᠳᠦᠷ ᠮᠡᠳᠡᠭᠳᠡᠯ ᠨᠡᠶᠢᠲᠡᠯᠡᠵᠦ᠂ 1 ᠳ᠋ᠦ᠋ᠭᠡᠷ ᠰᠠᠷ᠎ᠠ ᠠᠴᠠ 2 ᠳ᠋ᠤᠭᠠᠷ ᠰᠠᠷ᠎ᠠ ᠪᠣᠯᠲᠠᠯ᠎ᠠ 2025 ᠣᠨ ᠤ ︽ᠬᠥᠯᠥᠰᠥᠨ ᠠᠵᠢᠯᠴᠢᠨ ᠤ ᠬᠠᠪᠤᠷ ᠤᠨ ᠤᠷᠢ︾ ᠦᠢᠯᠡᠴᠢᠯᠡᠭᠡᠨ ᠤ ᠠᠵᠢᠯᠯᠠᠭᠠᠨ ᠢ ᠬᠠᠮᠲᠤᠷᠠᠨ ᠥᠷᠨᠢᠭᠦᠯᠦᠨ᠎ᠡ ᠭᠡᠵᠦ ᠳᠤᠷᠠᠳᠤᠨ ᠭᠠᠷᠭᠠᠪᠠ᠃ ᠮᠡᠳᠡᠭᠳᠡᠯ ᠳᠤ᠂ ᠬᠥᠯᠥᠰᠥᠨ ᠠᠵᠢᠯᠴᠢᠨ ᠤ ᠴᠠᠭᠠᠨ ᠰᠠᠷ᠎ᠠ ᠶᠢᠨ ᠪᠠᠶᠠᠷ ᠠᠴᠠ ᠡᠮᠦᠨ᠎ᠡ ᠨᠤᠲᠤᠭ ᠲᠤ ᠪᠠᠨ ᠪᠤᠴᠠᠬᠤ᠂ ᠴᠠᠭᠠᠨ ᠰᠠᠷ᠎ᠠ ᠶᠢᠨ ᠪᠠᠶᠠᠷ ᠤᠨ ᠳᠠᠷᠠᠭ᠎ᠠ ᠪᠠᠷ ᠠᠵᠢᠯ ᠤᠨ ᠪᠠᠶᠢᠷᠢ ᠳᠤ ᠪᠠᠨ ᠪᠤᠴᠠᠬᠤ ᠬᠡᠷᠡᠭᠴᠡᠭᠡ ᠱᠠᠭᠠᠷᠳᠠᠯᠭ᠎ᠠ ᠯᠤᠭ᠎ᠠ ᠤᠶᠠᠯᠳᠤᠭᠤᠯᠤᠨ᠂ ᠲᠡᠭᠡᠭᠡᠪᠦᠷᠢ ᠶᠢᠨ ᠬᠦᠴᠦᠨ ᠢ ᠪᠠᠲᠤᠯᠠᠬᠤ ᠪᠠ ᠲᠡᠭᠡᠭᠡᠪᠦᠷᠢ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ ᠪᠠᠨ ᠴᠢᠩᠭᠠᠷᠠᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ ᠲᠤᠰᠬᠠᠶ ᠲᠡᠷᠭᠡ ᠬᠥᠰᠬᠡ᠂ ᠲᠤᠰᠬᠠᠢ ᠭᠠᠯᠲᠤ ᠲᠡᠷᠭᠡ ︵ᠸᠠᠭᠤᠨ︶ ᠂ ᠨᠢᠰᠬᠡᠯ ᠵᠡᠷᠭᠡ ᠶᠢ ᠳᠠᠭᠠᠭᠠᠴᠢᠯᠠᠬᠤ ︽ᠴᠡᠭ ᠠᠴᠠ ᠴᠡᠭ ᠲᠤ ᠰᠢᠭᠤᠳ ᠬᠦᠷᠭᠡᠬᠦ︾ ᠦᠢᠯᠡᠴᠢᠯᠡᠭᠡ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠮᠤᠵᠢ ᠠᠯᠤᠰᠯᠠᠨ ᠭᠠᠳᠠᠭᠰᠢ ᠭᠠᠷᠴᠤ ᠬᠦᠴᠦ ᠶᠠᠪᠤᠵᠤ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠬᠦᠮᠦᠰ ︵ᠪᠤᠴᠠᠭᠠᠳ ᠶᠠᠳᠠᠭᠤᠷᠠᠬᠤ ᠶᠢ ᠨᠢ ᠰᠡᠷᠭᠡᠶᠢᠯᠡᠵᠦ ᠰᠢᠨᠵᠢᠬᠦ ᠬᠦᠮᠦᠰ ᠢ ᠪᠠᠭᠲᠠᠭᠠᠨ᠎ᠠ︶ ᠲᠤ ᠨᠢᠭᠡ ᠤᠳᠠᠭ᠎ᠠ ᠶᠢᠨ ᠴᠢᠨᠠᠷᠲᠠᠶ ᠪᠠᠷ ᠵᠠᠮ ᠬᠠᠷᠢᠯᠴᠠᠭᠠᠨ ᠤ ᠨᠥᠬᠦᠪᠥᠷᠢ ᠥᠭᠬᠦ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠯ᠎ᠠ ᠪᠠᠷ᠂ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠰᠠᠨᠠᠭ᠎ᠠ ᠠᠮᠤᠷ ᠠᠵᠢᠯᠯᠠᠭᠤᠯᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠴᠠᠭᠠᠨ ᠰᠠᠷ᠎ᠠ ᠶᠢᠨ ᠪᠠᠶᠠᠷ ᠠᠴᠠ ᠡᠮᠦᠨ᠎ᠡ ᠨᠤᠲᠤᠭ ᠲᠤ ᠪᠠᠨ ᠪᠤᠴᠠᠭᠰᠠᠨ ᠬᠥᠯᠥᠰᠥᠨ ᠠᠵᠢᠯᠴᠢᠨ ᠤ ᠴᠠᠭᠠᠨ ᠰᠠᠷ᠎ᠠ ᠶᠢᠨ ᠪᠠᠶᠠᠷ ᠤᠨ ᠳᠠᠷᠠᠭ᠎ᠠ ᠪᠠᠷ ᠠᠵᠢᠯ ᠤᠨ ᠪᠠᠶᠢᠷᠢ ᠳᠤ ᠪᠠᠨ ᠪᠤᠴᠠᠬᠤ ᠬᠦᠰᠡᠯ ᠰᠠᠨᠠᠭ᠎ᠠ ᠶᠢ ᠤᠶᠢᠯᠠᠭᠠᠨ ᠡᠵᠡᠮᠰᠢᠵᠦ᠂ ᠬᠥᠯᠥᠰᠥᠨ ᠠᠵᠢᠯᠴᠢᠨ ᠤ ᠴᠠᠭᠠᠨ ᠰᠠᠷ᠎ᠠ ᠶᠢᠨ ᠪᠠᠶᠠᠷ ᠤᠨ ᠳᠠᠷᠠᠭ᠎ᠠ ᠪᠠᠷ ᠠᠵᠢᠯ ᠤᠨ ᠪᠠᠶᠢᠷᠢ ᠳᠤ ᠪᠠᠨ ᠪᠤᠴᠠᠵᠤ ᠠᠵᠢᠯᠯᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠮᠡᠳᠡᠭᠳᠡᠯ ᠳᠤ᠂ ᠴᠠᠭᠠᠨ ᠰᠠᠷ᠎ᠠ ᠠᠴᠠ ᠡᠮᠦᠨ᠎ᠡ ᠪᠣᠯ ᠴᠠᠯᠢᠩ ᠢ ᠳ᠋ᠦᠩᠨᠡᠨ ᠪᠤᠳᠤᠬᠤ ᠠᠵᠢᠯ ᠤᠨ ᠣᠷᠭᠢᠯ ᠬᠤᠭᠤᠴᠠᠭ᠎ᠠ ᠪᠣᠯᠣᠨ᠎ᠠ᠂ ᠴᠠᠯᠢᠩ ᠢ ᠨᠢ ᠥᠷᠢᠲᠦᠬᠦ ᠶᠢ ᠬᠠᠮᠢᠶᠠᠷᠴᠤ ᠵᠠᠰᠠᠬᠤ ᠡᠪᠦᠯ ᠤᠨ ᠤᠯᠠᠷᠢᠯ ᠤᠨ ᠠᠵᠢᠯᠯᠠᠭᠠᠨ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠬᠤᠶᠢᠰᠢᠯᠠᠭᠤᠯᠬᠤ ᠮᠠᠷᠭᠤᠯᠳᠤᠭᠠᠨ ᠢ ︽ᠲᠦᠷᠭᠡᠨ ᠲᠣᠭᠲᠠᠭᠠᠬᠤ᠂ ᠲᠦᠷᠭᠡᠨ ᠲᠣᠬᠢᠷᠠᠭᠤᠯᠬᠤ᠂ ᠲᠦᠷᠭᠡᠨ ᠬᠢᠨᠠᠬᠤ᠂ ᠲᠦᠷᠭᠡᠨ ᠳᠠᠭᠤᠰᠬᠠᠬᠤ︾ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠠᠭᠤᠷᠢ ᠠᠴᠠ ᠨᠢ ᠪᠠᠲᠤᠯᠠᠵᠤ ᠬᠠᠪᠰᠤᠷᠤᠨ ᠲᠡᠳᠬᠦᠬᠦ ᠶᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠬᠦᠴᠢᠷᠳᠡᠯ ᠲᠠᠢ ᠬᠥᠯᠥᠰᠥᠨ ᠠᠵᠢᠯᠴᠢᠨ ᠳᠤ ᠨᠡᠶᠢᠭᠡᠮ ᠤᠨ ᠲᠤᠰᠠᠯᠠᠮᠵᠢ ᠶᠢ ᠴᠠᠭ ᠲᠤᠬᠠᠶ ᠳᠤ ᠨᠢ ᠬᠠᠩᠭᠠᠵᠤ᠂ ᠨᠥᠬᠦᠴᠡᠯ ᠳᠤ ᠨᠡᠶᠢᠴᠡᠭᠰᠡᠨ ᠠᠵᠢᠯ ᠠᠯᠳᠠᠭᠠᠳ ᠪᠠᠶᠢᠭ᠎ᠠ ᠬᠥᠯᠥᠰᠥᠨ ᠠᠵᠢᠯᠴᠢᠨ ᠳᠤ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠣᠯᠭᠤᠬᠤ ᠬᠡᠷᠡᠭᠲᠡᠶ ᠭᠡᠵᠦ ᠴᠢᠬᠤᠯᠠᠴᠢᠯᠠᠪᠠ᠃ ︵ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠰᠢᠠᠬᠤᠧᠠ ᠬᠤᠷᠢᠶᠠᠨ ᠤ ᠮᠡᠳᠡᠭᠡ ᠠᠴᠠ ᠱᠦᠭᠦᠪᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号