ᠭᠠᠳᠠᠭᠠᠳᠤ ᠶᠢᠨ ᠤᠳᠤᠷᠢᠳᠬᠤ ᠬᠥᠮᠥᠰ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠡᠷᠢᠭᠦᠯᠡᠭᠴᠢ ᠰᠢ ᠶᠢᠨ ᠫᠢᠩ ᠳᠤ ᠴᠠᠭᠢᠯᠭᠠᠨ ᠴᠢᠮᠡᠭᠡ ︵ᠵᠠᠬᠢᠳᠠᠯ︶ ᠢᠷᠡᠭᠦᠯᠵᠦ ᠮᠠᠨ ᠤ ᠤᠯᠤᠰ ᠤᠨ ᠲᠥᠪᠡᠳ ᠤᠨ ᠲᠢᠩᠷᠢ ᠰᠢᠶᠠᠨ ᠳᠤ ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠳᠤ ᠲᠣᠬᠤᠨᠢᠭᠤᠯᠵᠤ ᠪᠠᠶᠢᠬᠤ ᠪᠠᠨ ᠢᠯᠡᠳᠬᠡᠪᠡ
ᠨᠡᠶᠢᠲᠡᠯᠡᠭᠰᠡᠨ ᠴᠠᠭ᠄
2025/1/16
     ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 9 ᠤ ᠴᠠᠭᠢᠯᠭᠠᠨ ᠮᠡᠳᠡᠭᠡ ᠲᠥᠪᠡᠳ ᠤᠨ ᠰᠢᠭᠠᠽᠧ ᠬᠤᠳᠠ ᠶᠢᠨ ᠲᠢᠩᠷᠢ ᠰᠢᠶᠠᠨ ᠳᠤ ᠭᠠᠵᠠᠷ ᠬᠥᠳᠡᠯᠦᠭᠰᠡᠨ ᠠᠴᠠ ᠨᠠᠭᠠᠰᠢ ᠂ ᠤᠯᠠᠨ ᠤᠯᠤᠰ ᠤᠨ ᠤᠳᠤᠷᠢᠳᠬᠤ ᠬᠥᠮᠥᠨ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤᠯᠤᠰ ᠤᠨ ᠲᠡᠷᠢᠭᠦᠯᠡᠭᠴᠢ ᠰᠢ ᠶᠢᠨ ᠫᠢᠩ ᠳᠤ ᠴᠠᠭᠢᠯᠭᠠᠨ ᠴᠢᠮᠡᠭᠡ ︵ᠵᠠᠬᠢᠳᠠᠯ︶ ᠢᠷᠡᠭᠦᠯᠦᠭᠰᠡᠨ ᠪᠤᠶᠤ ᠪᠤᠰᠤᠳ ᠭᠡᠯᠪᠡᠷᠢ ᠪᠠᠷ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ ᠃ ᠲᠡᠳᠡ ᠪᠣᠯ᠄    ᠣᠷᠣᠰ ᠤᠨ ᠶᠡᠷᠦᠩᠬᠡᠶᠢᠯᠡᠭᠴᠢ ᠫᠦᠲ᠋ᠢᠨ ᠂ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠂ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠲᠦᠩᠯᠦ᠋ᠨ ᠂ ᠺᠦᠪᠡ ᠶᠢᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠢᠭᠡᠳᠦᠭᠡᠷ ᠱᠦᠵᠢ ᠂ ᠺᠦᠪᠡ ᠶᠢᠨ ᠤᠯᠤᠰ ᠤᠨ ᠲᠡᠷᠢᠭᠦᠯᠡᠭᠴᠢ ᠳ᠋ᠢᠶᠠᠰ — ᠺᠠᠨᠧᠶᠢᠷ ᠂ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠡᠱᠧᠨᠺᠧ ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠡᠶᠧᠹ ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠰᠢᠶᠧᠷᠳᠡᠷ · ᠪᠧᠷᠳᠢᠮᠦ᠋ᠬᠠᠮᠧᠳᠤᠹ ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠂ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠂ ᠠᠷᠮᠧᠨᠢᠶ᠎ᠠ ᠶᠢᠨ ᠶᠡᠷᠦᠩᠬᠡᠶᠢᠯᠡᠭᠴᠢ ᠺᠠᠴᠠᠲ᠋ᠦ᠋ᠷᠢᠶᠠ ᠂ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠂ ᠮᠠᠯᠳᠠᠶᠢᠹ ᠤᠨ ᠶᠡᠷᠦᠩᠬᠡᠶᠢᠯᠡᠭᠴᠢ ᠮᠦᠶ᠋ᠢᠽᠢ ᠂ ᠨᠧᠫᠠᠯ ᠤᠨ ᠶᠡᠷᠦᠩᠬᠡᠶᠢᠯᠡᠭᠴᠢ ᠪᠤᠤᠳᠧᠷ ᠂ ᠪᠷᠦ᠋ᠨ᠋ᠸᠢ ᠶᠢᠨ ᠰᠦᠳᠠᠨ ᠬᠠᠰᠠᠩᠨᠠᠷ ᠂ ᠪᠦᠲ᠋ᠠᠨ ᠤ ᠳᠥᠷᠪᠡᠳᠦᠭᠡᠷ ᠦᠶ᠎ᠡ ᠶᠢᠨ ᠤᠯᠤᠰ ᠤᠨ ᠸᠠᠩ ᠸᠠᠩᠴᠦ᠋ᠺ ᠂ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠂ ᠸᠠᠩ ᠤᠨ ᠵᠠᠯᠭᠠᠮᠵᠢᠯᠠᠭᠴᠢ ᠪᠥᠭᠡᠳ ᠲᠡᠷᠢᠭᠦᠨ ᠰᠠᠶᠢᠳ ᠮᠦᠬᠠᠮᠦ᠋ᠳ᠋ ᠂ ᠺᠠᠲ᠋ᠠᠷ ᠤᠨ ᠠᠶᠢᠮᠢᠷ ᠲᠠᠮᠢᠮᠦ᠋ ᠂ ᠺᠦᠸᠠᠶᠢᠲ ᠤᠨ ᠠᠶᠢᠮᠢᠷ ᠮᠢᠱᠠᠯᠧ ᠂ ᠢᠷᠠᠨ ᠤ ᠶᠡᠷᠦᠩᠬᠡᠶᠢᠯᠡᠭᠴᠢ ᠫᠤᠶᠢᠽᠠᠰᠢᠶᠠᠩ ᠂ ᠤᠮᠠᠨ ᠤ ᠰᠦᠳᠠᠨ ᠬᠠᠶᠢᠰᠠᠶᠢᠮ ᠂ ᠶᠧᠮᠧᠨ ᠤ ᠶᠡᠷᠦᠩᠬᠡᠶᠢᠯᠡᠭᠴᠢ ᠶᠢᠨ ᠤᠳᠤᠷᠢᠳᠬᠤ ᠵᠥᠪᠯᠡᠯ ᠤᠨ ᠲᠡᠷᠢᠭᠦᠯᠡᠭᠴᠢ ᠠᠯᠢᠮᠢ ᠂ ᠴᠠᠳ᠋ ᠤᠨ ᠶᠡᠷᠦᠩᠬᠡᠶᠢᠯᠡᠭᠴᠢ ᠮᠤᠬᠠᠮᠦ᠋ᠳ᠋ ᠂ ᠳᠤᠮᠳᠠᠳᠤ ᠠᠹᠷᠢᠺᠠ ᠶᠢᠨ ᠶᠡᠷᠦᠩᠬᠡᠶᠢᠯᠡᠭᠴᠢ ᠲᠦᠸᠠᠳᠧᠯᠠ ᠂ ᠰᠦᠢᠱᠧᠯ ᠤᠨ ᠶᠡᠷᠦᠩᠬᠡᠶᠢᠯᠡᠭᠴᠢ ᠯᠠᠮᠦᠺᠡᠯᠠᠸᠠᠩ ᠂ ᠸᠧᠷᠳ᠋ ᠬᠤᠱᠣᠣ ᠶᠢᠨ ᠶᠡᠷᠦᠩᠬᠡᠶᠢᠯᠡᠭᠴᠢ ᠨᠸᠧᠢᠰ ᠂ ᠽᠠᠮᠪᠢᠶ᠎ᠠ ᠶᠢᠨ ᠶᠡᠷᠦᠩᠬᠡᠶᠢᠯᠡᠭᠴᠢ ᠰᠢᠴᠢᠯᠠᠶᠢᠮᠠ ᠂ ᠹᠷᠠᠨᠼᠢ ᠶᠢᠨ ᠶᠡᠷᠦᠩᠬᠡᠶᠢᠯᠡᠭᠴᠢ ᠮᠠᠺᠷᠤᠨ ᠂ ᠢᠰᠫᠠᠨᠢ ᠶᠢᠨ ᠤᠯᠤᠰ ᠤᠨ ᠸᠠᠩ ᠹᠢᠯᠢᠫᠸᠢ ᠵᠢᠷᠭᠤᠳᠤᠭᠠᠷ ᠂ ᠹᠢᠨᠯᠠᠨᠳ᠋ ᠤᠨ ᠶᠡᠷᠦᠩᠬᠡᠶᠢᠯᠡᠭᠴᠢ ᠰᠲ᠋ᠦ᠋ᠪ ᠂ ᠢᠲ᠋ᠠᠯᠢ ᠶᠢᠨ ᠶᠡᠷᠦᠩᠬᠡᠶᠢᠯᠡᠭᠴᠢ ᠮᠠᠲ᠋ᠠᠯᠦ᠋ᠢᠯᠠ ᠂ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠂ ᠪᠤᠰᠨᠢᠶ᠎ᠠ — ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠭᠦᠮ ᠤᠨ ᠵᠢᠵᠢᠭᠦᠷ ᠲᠡᠷᠢᠭᠦᠯᠡᠭᠴᠢ ᠼᠸᠢᠶᠠᠨᠤᠸᠢᠴᠢ ᠂ ᠰᠠᠯᠸᠠᠳᠤᠷ ᠤᠨ ᠶᠡᠷᠦᠩᠬᠡᠶᠢᠯᠡᠭᠴᠢ ᠪᠦᠺᠧᠷ ᠂ ᠨᠢᠺᠡᠷᠠᠭᠤᠸᠠ ᠶᠢᠨ ᠶᠡᠷᠦᠩᠬᠡᠶᠢᠯᠡᠭᠴᠢ ᠤᠷᠲ᠋ᠤᠭ᠎ᠠ ᠂ ᠶᠠᠫᠤᠨ ᠤ ᠲᠡᠷᠢᠭᠦᠨ ᠰᠠᠶᠢᠳ ᠢᠰᠢᠪᠠ ᠰᠢᠭᠡᠷᠤ᠋ ᠂ ᠺᠤᠷᠢᠶᠠ ᠶᠢᠨ ᠣᠷᠣᠯᠠᠭᠴᠢ ᠶᠡᠷᠦᠩᠬᠡᠶᠢᠯᠡᠭᠴᠢ ᠼᠦᠢ ᠰᠢᠶᠠᠩ ᠮᠦ ᠂ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽᠢ ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠶᠧᠷᠮᠦ᠋ᠢᠺᠪᠠᠶᠧᠹ ᠨᠠᠷ ᠪᠤᠢ ᠃    ᠭᠠᠳᠠᠭᠠᠳᠤ ᠶᠢᠨ ᠲᠠᠯ᠎ᠠ ᠶᠢᠨ ᠤᠳᠤᠷᠢᠳᠬᠤ ᠬᠥᠮᠥᠰ ᠭᠠᠵᠠᠷ ᠬᠥᠳᠡᠯᠦᠯᠲᠡ ᠠᠴᠠ ᠪᠣᠯᠤᠭᠰᠠᠨ ᠬᠥᠮᠥᠨ ᠬᠠᠷ᠎ᠠ ᠶᠢᠨ ᠬᠦᠨᠳᠦ ᠶᠡᠭᠡ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠤᠬᠢᠷᠠᠯ ᠳᠤ ᠤᠴᠠᠷᠠᠭᠰᠠᠨ ᠢ ᠭᠠᠰᠢᠭᠤᠳᠠᠵᠤ ᠪᠠᠶᠢᠬᠤ ᠪᠠ ᠲᠣᠬᠤᠨᠢᠭᠤᠯᠵᠤ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠳᠠᠷᠤᠢ ᠲᠦᠷᠭᠡᠨ ᠬᠦᠴᠦᠲᠡᠢ ᠠᠪᠤᠷᠠᠨ ᠲᠤᠰᠠᠯᠠᠬᠤ ᠠᠵᠢᠯᠯᠠᠭ᠎ᠠ ᠠᠪᠤᠭᠰᠠᠨ ᠢ ᠳᠡᠭᠡᠳᠦ ᠬᠡᠮᠵᠢᠶ᠎ᠡ ᠪᠠᠷ ᠦᠨᠡᠯᠡᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠭᠠᠮᠰᠢᠭᠳᠠᠭᠰᠠᠨ ᠣᠷᠣᠨ ᠤ ᠠᠷᠠᠳ ᠲᠦᠮᠡᠨ ᠯᠠᠪᠲᠠᠢ ᠭᠠᠮᠰᠢᠭ ᠢ ᠢᠯᠡᠨ ᠳᠠᠪᠠᠵᠤ ᠂ ᠭᠡᠷ ᠣᠷᠣᠨ ᠢᠶᠠᠨ ᠳᠠᠭᠢᠨ ᠪᠦᠲᠦᠭᠡᠨ ᠪᠠᠶᠢᠭᠤᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号