1 ᠰᠠᠷ᠎ᠠ ᠶᠢᠨ 15 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2025 | ᠣᠨ ᠤ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠠᠵᠢᠯ ᠢᠶᠠᠨ ᠳ᠋ᠦᠩᠨᠡᠨ᠂ 2025 ᠣᠨ ᠤ | ᠡᠭᠦᠷᠭᠡ ᠪᠠᠨ ᠲᠣᠬᠢᠷᠠᠭᠤᠯᠪᠠ᠃ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠭᠤᠸ ᠶᠦᠩ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠰᠢᠦᠢ ᠰᠢᠩ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠮᠦᠨ᠎ᠡ ᠠᠴᠠ ᠮᠡᠳᠡᠭᠦᠯᠦᠯᠲᠡ | ᠬᠢᠵᠦ᠂ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠳ᠋ᠦᠩ ᠸᠧᠨ ᠴᠢᠩ ᠬᠤᠷᠠᠯ ᠡᠷᠭᠢᠯᠡᠪᠡ᠃ | | | | | ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠣᠷᠣᠨ ᠤ ᠬᠠᠮᠢᠶᠠᠷᠤᠯᠲᠠ ᠶᠢᠨ ᠵᠥᠪᠯᠡᠯ ᠤᠨ | ᠬᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠ ᠪᠤᠭᠤᠲᠤ ᠳᠤ ᠥᠭᠭᠦᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ | ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠰᠣᠷᠣᠯᠴᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ | ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ | ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠡᠨᠡ ᠬᠦ ᠲᠡᠷᠢᠭᠦᠨ ᠴᠢᠬᠤᠯᠠ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ︽ᠳᠡᠭᠡᠳᠦ︾ ᠪᠠ ︽ᠰᠢᠨ᠎ᠡ︾ ᠬᠤᠶᠠᠷ ᠠᠵᠢᠯ ᠢ | ᠪᠣᠳᠠᠲᠠᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠂ ᠣᠨ ᠤ ᠭᠤᠣᠯ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠳᠤ | ᠰᠢᠨ᠎ᠡ ᠢᠯᠡᠷᠬᠡᠢ ᠦᠷ᠎ᠡ ᠪᠦᠲᠦᠮᠵᠢ ᠣᠯᠪᠠ᠃ | ᠬᠤᠷᠠᠯ ᠠᠴᠠ᠂ 2024 ᠣᠨ ᠳᠤ᠂ ᠪᠦᠬᠦ ᠣᠷᠣᠨ ᠢᠶᠠᠷ ᠢᠶᠠᠨ ᠥᠨᠳᠥᠷ ᠴᠡᠭ ᠢᠶᠠᠷ ᠣᠷᠣᠨ ᠪᠠᠶᠢᠷᠢ | ᠲᠣᠭᠲᠠᠭᠠᠬᠤ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠡᠷᠭᠢᠯᠲᠡ | ᠲᠣᠭᠲᠠᠭᠤᠨ ᠤ ᠳᠤᠮᠳᠠ ᠲᠦᠷᠭᠡᠨ ᠬᠥᠭᠵᠢᠪᠡ᠃ ᠰᠢᠰᠲ᠋ᠧᠮ ᠲᠠᠢ ᠪᠠᠷ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢ | ᠪᠠᠷᠢᠮᠲᠠᠯᠠᠵᠤ᠂ ᠲᠤᠯᠭᠠᠭᠤᠷᠢᠯᠠᠯ ᠢ ᠪᠣᠳᠠᠲᠠᠢ ᠠᠳᠬᠤᠨ ᠠᠵᠤ ᠦᠢᠯᠡᠰ ᠤᠨ ᠡᠨᠧᠷᠭᠢ ᠶᠢᠨ ᠲᠡᠰ ᠲᠦᠷᠭᠡᠨ | ᠳᠡᠭᠡᠭᠰᠢᠯᠡᠪᠡ ᠃ ᠶᠡᠭᠡ ᠶᠢ ᠡᠯᠰᠡᠨ ᠬᠦᠴᠦᠷᠬᠡᠭ ᠢ ᠲᠠᠲᠠᠬᠤ ᠶᠢ ᠪᠠᠷᠢᠮᠲᠠᠯᠠᠵᠤ᠂ ᠲᠦᠷᠦᠯ ᠵᠦᠢᠯ ᠢᠶᠠᠷ ᠪᠣᠭᠤᠮᠲᠠ | ᠰᠢᠪᠲᠤᠯᠵᠤ᠂ ᠬᠥᠭᠵᠢᠯᠲᠡ ᠶᠢᠨ ᠤᠶᠠᠨ ᠬᠠᠳᠠᠨ ᠴᠢᠨᠠᠷ ᠢ ᠲᠠᠰᠤᠷᠠᠯᠳᠡ ᠦᠭᠡᠢ ᠴᠢᠩᠭᠠᠳᠬᠠᠪᠠ ᠃ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠶᠢ | ᠪᠠᠷᠢᠮᠲᠠᠯᠠᠵᠤ᠂ ᠬᠥᠭᠵᠢᠯᠲᠡ ᠶᠢᠨ ᠠᠮᠢᠳᠤᠯᠢᠭ ᠬᠦᠴᠦᠨ ᠢ ᠦᠷᠭᠦᠯᠵᠢᠯᠡᠨ ᠪᠠᠳᠠᠷᠠᠭᠤᠯᠪᠠ ᠃ ᠰᠢᠰᠲ᠋ᠧᠮ ᠲᠠᠢ ᠪᠠᠷ | ᠵᠠᠰᠠᠬᠤ ᠶᠢ ᠪᠠᠷᠢᠮᠲᠠᠯᠠᠵᠤ᠂ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠣᠨ ᠠᠮᠢ ᠠᠬᠤᠢ ᠶᠢᠨ | ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ ᠃ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ | ᠪᠣᠳᠠᠲᠠᠢ ᠬᠢᠬᠦ ᠶᠢ ᠪᠠᠷᠢᠮᠲᠠᠯᠠᠪᠠᠯ᠂ ᠵᠣᠯ ᠵᠢᠷᠭᠠᠯ ᠥᠨᠳᠥᠷ ᠰᠢᠨ᠎ᠡ ᠰᠣᠷᠭᠤᠭ ᠪᠠᠶᠢᠬᠤ ᠶᠢ ᠮᠡᠳᠡᠵᠦ ᠪᠣᠯᠣᠨ᠎ᠠ᠃ | ᠦᠨᠳᠦᠰᠦ ᠪᠠᠨ ᠪᠠᠬᠢᠵᠢᠭᠦᠯᠵᠦ ᠰᠠᠭᠤᠷᠢ ᠪᠠᠨ ᠪᠠᠲᠤᠳᠬᠠᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ | ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭ᠎ᠠ ᠪᠥᠭᠡᠳ | ᠪᠣᠳᠠᠲᠠᠶᠢᠵᠢᠭᠤᠯᠪᠠ᠃ | ᠬᠤᠷᠠᠯ ᠠᠴᠠ᠂ 2025 ᠣᠨ ᠳᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ | ᠵᠢᠱᠢᠭᠰᠡᠨ ᠬᠠᠷᠠᠯᠲᠠ ᠭᠡᠪᠡᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 9% ᠠᠴᠠ ᠳᠡᠭᠡᠭᠰᠢ | ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 17% ᠠᠴᠠ ᠳᠡᠭᠡᠭᠰᠢ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠠᠴᠠ ᠳᠡᠭᠡᠭᠰᠢ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6% ᠠᠴᠠ ᠳᠡᠭᠡᠭᠰᠢ᠂ ᠡᠩ ᠤᠨ ᠤᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠣᠷᠣᠯᠭ᠎ᠠ ᠶᠢ ᠠᠵᠤ ᠠᠬᠤᠢ ᠶᠢᠨ ᠬᠥᠭᠵᠢᠯᠲᠡ ᠲᠠᠢ ᠠᠳᠠᠯᠢ ᠠᠯᠬᠤᠮ ᠲᠠᠢ ᠪᠠᠶᠢᠯᠭᠠᠨ᠎ᠠ᠃ | ᠬᠤᠷᠠᠯ ᠠᠴᠠ᠂ 2025 ᠣᠨ ᠳᠤ ︽ᠨᠠᠢᠮᠠᠨ ᠲᠠᠯ᠎ᠠ︾ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠬᠤ ᠬᠡᠷᠡᠭᠲᠡᠢ ᠭᠡᠪᠡ᠃ ᠨᠢᠭᠡ ᠳᠤ᠂ ᠬᠠᠮᠵᠢᠯᠴᠠᠨ ᠬᠦᠴᠦᠯᠡᠵᠦ ᠪᠠᠶᠢᠭᠠᠳ ᠲᠦᠷᠭᠡᠨ ᠤᠷᠤᠭᠰᠢᠯᠠᠵᠤ | ᠰᠠᠶᠢᠵᠢᠷᠠᠬᠤ ᠬᠠᠨᠳᠤᠰᠢ ᠶᠢ ᠪᠠᠲᠤᠯᠠᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠵᠦ᠂ | ᠬᠡᠷᠡᠭᠯᠡᠭᠡ ᠶᠢ ᠨᠡᠩ ᠶᠡᠭᠡ ᠪᠠᠷ ᠬᠥᠭᠵᠢᠭᠡᠵᠦ᠂ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ | ᠰᠠᠶᠢᠲᠤᠷ ᠬᠡᠷᠡᠭᠯᠡᠨ᠎ᠡ᠃ ᠬᠤᠶᠠᠷ ᠲᠤ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠵᠤ ᠠᠵᠤ | ᠦᠢᠯᠡᠰ ᠤᠨ ᠥᠷᠢᠰᠦᠯᠳᠦᠭᠡᠨ ᠤ ᠳᠠᠪᠠᠭᠤᠯᠢᠭ ᠢ ᠪᠠᠬᠢᠵᠢᠭᠦᠯᠦᠨ᠎ᠡ᠃ ᠳᠠᠪᠠᠭᠤᠯᠢᠭ ᠠᠵᠤ ᠦᠢᠯᠡᠰ ᠤᠨ ᠣᠷᠭᠢᠯ | ᠦᠶ᠎ᠡ ᠶᠢ ᠴᠣᠭᠴᠠᠯᠠᠬᠤ ᠢᠨᠵᠧᠨᠧᠷᠢᠩ᠂ ᠭᠤᠣᠯᠳᠠᠯᠭ᠎ᠠ ᠲᠠᠢ ᠠᠵᠤ ᠦᠢᠯᠡᠰ ᠤᠨ ᠲᠠᠰ ᠳᠡᠪᠰᠢᠬᠦ ᠢᠨᠵᠧᠨᠧᠷᠢᠩ᠂ | ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ ᠢᠨᠵᠧᠨᠧᠷᠢᠩ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ | ᠡᠭᠦᠳᠬᠦ ᠢᠨᠵᠧᠨᠧᠷᠢᠩ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠦᠯᠦᠨ | ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠭᠤᠷᠪᠠ ᠳᠤ᠂ ᠠᠵᠤ ᠦᠢᠯᠡᠰ ᠰᠢᠨ᠎ᠡ ᠶᠢ ᠡᠭᠦᠳᠬᠦ ᠶᠢ | ᠠᠭᠤᠰᠤᠯᠴᠠᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠰᠤᠷᠪᠤᠯᠵᠢ ᠶᠢ ᠪᠣᠳᠣᠯᠬᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠤ ᠦᠢᠯᠡᠰ ᠤᠨ ᠰᠢᠨ᠎ᠡ ᠶᠢ ᠡᠭᠦᠳᠬᠦ ᠵᠢᠭᠰᠠᠭᠠᠯ ᠢ ᠬᠦᠴᠦᠷᠬᠡᠭᠵᠢᠭᠦᠯᠵᠦ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠬᠦᠴᠦᠨ ᠴᠢᠳᠠᠯ ᠢ ᠲᠥᠪᠯᠡᠷᠡᠭᠦᠯᠵᠦ᠂ ᠰᠢᠨ᠎ᠡ ᠶᠢ ᠡᠭᠦᠳᠬᠦ ᠠᠮᠢ ᠠᠬᠤᠢ ᠶᠢᠨ | ᠥᠩ ᠰᠢᠮᠡᠯᠢᠭ ᠬᠥᠷᠥᠰᠥ ᠶᠢ ᠭᠦᠨ ᠬᠠᠭᠠᠯᠪᠤᠷᠢᠯᠠᠨᠠ᠃ ᠳᠥᠷᠪᠡ ᠳᠤ᠂ ᠰᠡᠳᠬᠢᠴᠡ ᠪᠠᠷ ᠥᠭᠡᠷᠡᠴᠢᠯᠡᠯᠲᠡ | ᠨᠡᠭᠡᠭᠡᠯᠲᠡ ᠶᠢᠨ ᠠᠰᠢᠭ ᠢ ᠪᠠᠳᠠᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠪᠠᠭᠲᠠᠭᠠᠮᠵᠢ ᠶᠢ ᠲᠦᠷᠭᠡᠪᠴᠢᠯᠡᠨ | ᠪᠤᠵᠠᠭᠠᠶᠢᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠲᠠᠪᠤ ᠳᠤ᠂ ᠨᠢᠭᠲᠠ ᠠᠴᠠ ᠨᠢᠭᠲᠠ ᠪᠠᠶᠢᠵᠤ ᠬᠤᠳᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ | ᠪᠥᠭᠡᠳ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠᠶᠢᠬᠤ ᠶᠢ ᠲᠦᠯᠬᠢᠨ ᠠᠬᠢᠭᠤᠯᠤᠨ᠎ᠠ᠃ ᠬᠤᠳᠠ ᠶᠢᠨ | ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠣᠨ ᠬᠥᠭᠵᠢᠯᠲᠡ ᠶᠢᠨ ᠣᠷᠣᠨ ᠵᠠᠢ ᠶᠢ ᠲᠦᠷᠭᠡᠨ ᠪᠠᠳᠠᠷᠠᠭᠤᠯᠵᠤ᠂ | ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠵᠢᠷᠭᠤᠭ᠎ᠠ ᠳᠤ᠂ ᠠᠮᠢ ᠠᠬᠤᠢ ᠶᠢ | ᠲᠡᠷᠢᠭᠦᠨ ᠳᠤ ᠲᠠᠯᠪᠢᠵᠤ ᠬᠥᠭᠵᠢᠯᠲᠡ ᠶᠢᠨ ᠰᠠᠭᠤᠷᠢ ᠥᠩᠭᠡ ᠶᠢ ᠵᠤᠵᠠᠭᠠᠳᠬᠠᠨ᠎ᠠ᠃ ᠲᠣᠪᠣᠶᠢᠮ᠎ᠠ ᠠᠰᠠᠭᠤᠳᠠᠯ ᠢ | ᠬᠦᠴᠦᠯᠡᠨ ᠴᠡᠭᠴᠡᠯᠡᠨ ᠰᠠᠶᠢᠵᠢᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠬᠦᠨᠵᠡᠭᠡᠶᠢᠷᠡᠭᠦᠯᠦᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠬᠠᠮᠵᠢᠯᠴᠠᠨ | ᠬᠦᠴᠦᠯᠡᠵᠦ᠂ ᠡᠷᠴᠢᠮᠵᠢᠭᠦᠯᠦᠨ ᠠᠷᠪᠢᠯᠠᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠲᠤᠯᠤᠭ᠎ᠠ ᠳᠤ᠂ | ᠬᠥᠮᠥᠨ ᠢᠶᠠᠷ ᠦᠨᠳᠦᠰᠦ ᠪᠣᠯᠭᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃ ︽ | ᠵᠠᠯᠠᠭᠤᠴᠤᠳ ᠲᠤ ᠵᠢᠳᠬᠦᠯ ᠴᠢᠷᠮᠠᠶᠢᠯᠭ᠎ᠠ ᠲᠠᠢ︾ ᠪᠠᠶᠢᠬᠤ ᠳᠤ ᠨᠥᠬᠦᠴᠡᠯ ᠪᠦᠷᠢᠯᠳᠦᠭᠦᠯᠦᠨ ᠥᠭᠴᠦ᠂ ︽ | ᠥᠲᠡᠯᠪᠡᠯ ᠠᠰᠠᠷᠠᠮᠵᠢ ᠲᠠᠢ᠂ ᠨᠢᠯᠬ᠎ᠠ ᠬᠡᠦᠬᠡᠳ ᠲᠤ ᠰᠤᠷᠭᠠᠨ ᠬᠥᠮᠦᠵᠢᠯ ᠲᠠᠢ︾ ᠪᠠᠶᠢᠬᠤ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ ︽ᠬᠦᠴᠢᠷᠳᠡᠯ ᠳᠤ ᠲᠦᠰᠢᠭ ᠲᠠᠢ᠂ ᠬᠦᠴᠢᠷ ᠲᠤ ᠲᠤᠰᠠᠯᠠᠮᠵᠢ ᠲᠠᠢ︾ | ᠪᠠᠶᠢᠬᠤ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠠᠢᠮᠠ ᠳᠤ᠂ ᠲᠣᠭᠲᠠᠭᠤᠨ ᠢ ᠬᠠᠮᠠᠭᠠᠯᠠᠵᠤ ᠴᠢᠳᠠᠮᠠᠭᠠᠢ ᠪᠠᠷ | ᠵᠠᠰᠠᠵᠤ᠂ ᠠᠮᠤᠷ ᠠᠮᠤᠭᠤᠯᠠᠩ ᠢ ᠰᠠᠬᠢᠨ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ | ᠪᠠᠲᠤ ᠰᠠᠬᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠡᠵᠡᠮᠳᠡᠵᠦ᠂ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠨ᠎ᠠ᠃ | ᠬᠤᠷᠠᠯ ᠠᠴᠠ᠂ ᠪᠦᠬᠦ ᠣᠷᠣᠨ ᠤ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ | ᠰᠢᠨᠡᠯᠡᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ | ᠬᠠᠯᠠᠮᠵᠢᠯᠠᠨ ᠬᠠᠶᠢᠷᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠡᠳᠡᠨ ᠢ ᠬᠠᠪᠰᠤᠷᠤᠨ ᠬᠦᠴᠢᠷ ᠵᠣᠪᠠᠭᠤᠷᠢ ᠶᠢ ᠨᠢ | ᠠᠷᠢᠯᠭᠠᠵᠤ ᠬᠦᠴᠢᠷᠳᠡᠯ ᠢ ᠨᠢ ᠰᠢᠢᠳᠪᠦᠷᠢᠯᠡᠵᠦ᠂ ᠠᠮᠢᠳᠤᠷᠠᠯ ᠤᠨ ᠬᠦᠴᠢᠷ ᠠᠰᠠᠭᠤᠳᠠᠯ ᠢ ᠨᠢ ᠦᠨᠡᠨ | ᠰᠡᠳᠬᠢᠯ ᠠᠴᠠ ᠪᠠᠨ ᠰᠢᠢᠳᠪᠦᠷᠢᠯᠡᠵᠦ ᠥᠭᠭᠦᠨ᠎ᠡ᠃ ᠬᠤᠶᠠᠷ ᠲᠤ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠠᠵᠢᠯ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠬᠤᠯᠪᠣᠭᠳᠠᠯ ᠪᠦᠬᠦᠢ ᠨᠢᠭᠡᠴᠡ ᠨᠦᠭᠦᠳ ᠲᠦᠷᠭᠡᠨ | ᠲᠤᠰᠬᠠᠬᠤ ᠲᠣᠭᠲᠠᠴᠠ ᠶᠢ ᠪᠠᠶᠢᠭᠤᠯᠤᠨ᠂ ᠢᠯᠡᠷᠡᠭᠦᠯᠬᠦ᠂ ᠮᠡᠳᠡᠭᠦᠯᠬᠦ᠂ ᠵᠢᠯᠤᠭᠤᠳᠬᠤ᠂ ᠰᠢᠢᠳᠪᠦᠷᠢᠯᠡᠬᠦ ᠵᠡᠷᠭᠡ | ᠭᠤᠭᠴᠤᠭ᠎ᠠ ᠶᠢ ᠨᠢᠭᠲᠠ ᠵᠣᠯᠭᠠᠭᠤᠯᠬᠤ ᠶᠢ ᠦᠨᠡᠨᠬᠦ ᠪᠠᠲᠤᠯᠠᠵᠤ᠂ ᠲᠤᠰᠬᠠᠯ ᠲᠦᠷᠭᠡᠨ᠂ ᠵᠥᠪ ᠣᠨᠣᠪᠴᠢᠲᠠᠶ | ᠠᠷᠭᠠᠴᠠᠵᠤ᠂ ᠬᠠᠤᠯᠢ ᠶᠣᠰᠣᠭᠠᠷ ᠡᠷᠡᠰ ᠰᠢᠭᠤᠷᠬᠠᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ | ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ 24 | ᠴᠠᠭ ᠤᠨ ᠳᠣᠲᠣᠷ᠎ᠠ ᠲᠤᠰᠬᠠᠢ ᠬᠥᠮᠥᠨ ᠬᠦᠯᠢᠶᠡᠨ ᠠᠪᠴᠤ ᠰᠢᠯᠵᠢᠭᠦᠯᠦᠨ ᠰᠢᠢᠳᠪᠦᠷᠢᠯᠡᠭᠦᠯᠬᠦ ᠶᠢ ᠦᠨᠡᠨ ᠬᠦ | ᠪᠠᠳᠣᠯᠠᠨ ᠲᠡᠷᠡ ᠳᠠᠷᠤᠢ ᠳᠤᠨᠢ ᠬᠢᠨᠠᠨ ᠪᠠᠶᠢᠴᠠᠭᠠᠵᠤ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠠᠶᠤᠯᠭᠦᠢ | ᠦᠢᠯᠡᠳᠪᠦᠷᠢᠯᠡᠯ ᠤᠨ ᠠᠵᠢᠯ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠵᠠᠮ | ᠬᠠᠷᠢᠯᠴᠠᠭ᠎ᠠ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠭᠠᠯ ᠰᠡᠷᠭᠡᠶᠢᠯᠡᠬᠦ ᠠᠮᠤᠷ ᠲᠦᠪᠰᠢᠨ᠂ ᠢᠳᠡᠭᠡᠨ ᠪᠠ | ᠡᠮ ᠤᠨ ᠠᠮᠤᠷ ᠲᠦᠪᠰᠢᠨ᠂ ᠪᠠᠷᠢᠯᠭ᠎ᠠ ᠶᠢᠨ ᠠᠵᠢᠯ᠂ ᠬᠦᠦᠠᠷ ᠫᠤᠤᠵᠢᠩ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠠᠮᠤᠷ ᠲᠦᠪᠰᠢᠨ ᠤ ᠭᠡᠮ ᠰᠣᠭᠤᠭ ᠢ | ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠪᠥᠭᠡᠳ ᠨᠠᠷᠢᠨ ᠨᠢᠮᠪᠠᠢ ᠦᠷᠨᠢᠭᠦᠯᠦᠨ ᠡᠯ᠎ᠡ ᠲᠦᠷᠦᠯ ᠤᠨ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠲᠠᠪᠤ ᠳᠤ᠂ ᠪᠠᠶᠠᠷ ᠤᠨ ᠡᠳᠦᠷ ᠤᠨ | ᠬᠤᠭᠤᠴᠠᠭᠠᠨ ᠳᠤ ᠵᠢᠵᠢᠭᠦᠷᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠳᠤᠷᠢᠳᠤᠯᠭ᠎ᠠ ᠵᠢᠵᠢᠭᠦᠷᠯᠡᠬᠦ ᠪᠠ | ᠺᠠᠳ᠋ᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠭᠴᠢ ᠲᠣᠭᠲᠠᠭᠠᠯ ᠶᠣᠰᠣᠭᠠᠷ | ᠲᠣᠭᠲᠠᠭᠰᠠᠨ ᠴᠠᠭ ᠲᠠᠭᠠᠨ ᠠᠵᠢᠯ ᠤᠨ ᠪᠠᠶᠢᠷᠢ ᠳᠤ ᠬᠦᠷᠴᠦ ᠵᠢᠵᠢᠭᠦᠷᠯᠡᠨ ᠱᠠᠭᠠᠷᠳᠠᠯᠭ᠎ᠠ ᠶᠣᠰᠣᠭᠠᠷ ᠮᠡᠳᠡᠭᠡ | ᠵᠠᠩᠭᠢ ᠶᠢ ᠮᠡᠳᠡᠭᠦᠯᠦᠨ ᠬᠦᠷᠭᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ | ᠃ ᠵᠢᠷᠭᠤᠭ᠎ᠠ ᠳᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ ᠠᠵᠤ | ᠦᠢᠯᠡᠳᠪᠦᠷᠢ ᠶᠢᠨ ᠦᠢᠯᠡᠳᠬᠦᠨ ᠤ ᠦᠷᠳᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ᠂ ᠡᠳ᠋ ᠤᠨ ᠵᠠᠰᠠᠭ ᠤᠨ ᠣᠷᠣᠯᠭ᠎ᠠ ᠵᠡᠷᠭᠡ | ᠠᠵᠤ ᠠᠬᠤᠢ ᠶᠢᠨ ᠭᠤᠣᠯ ᠭᠦᠢᠴᠡᠳᠬᠡᠬᠦ ᠲᠤᠭ᠎ᠠ ᠪᠠᠷ ᠭᠤᠣᠯᠯᠠᠭᠤᠯᠤᠨ᠂ ᠲᠡᠩᠴᠡᠭᠦᠷᠢᠲᠡᠢ ᠪᠠᠶᠢᠷᠢᠯᠠᠭᠤᠯᠵᠤ᠂ ᠵᠦᠢᠯ | ᠳᠠᠷᠠᠭᠠᠯᠠᠨ ᠨᠠᠶᠢᠳᠠᠪᠤᠷᠢᠵᠢᠭᠤᠯᠵᠤ᠂ ᠡᠬᠢᠯᠡᠯᠲᠡ ᠶᠢᠨ ᠪᠠᠶᠢᠳᠠᠯ ᠢᠶᠠᠷ ᠰᠢᠪᠲᠤᠯᠤᠯᠲᠠ ᠬᠢᠬᠦ ᠪᠠᠶᠢᠳᠠᠯ ᠢᠶᠠᠷ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠰᠠᠭᠤᠷᠢ ᠲᠠᠯᠪᠢᠵᠤ ᠥᠭᠭᠦᠨ᠎ᠡ᠃ | ᠬᠤᠷᠠᠯ ᠠᠴᠠ᠂ ᠪᠦᠬᠦ ᠣᠷᠣᠨ ᠢᠶᠠᠷ ᠢᠶᠠᠨ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠵᠦ᠂ ᠥᠨᠳᠥᠷ | ᠪᠠᠷᠢᠮᠵᠢᠶ᠎ᠠ ᠪᠠᠷ ᠡᠬᠢᠯᠡᠭᠦᠯᠦᠨ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ︽ᠬᠤᠶᠠᠷ ᠬᠤᠪᠣᠷ ᠰᠢᠷᠣᠢ ᠶᠢᠨ | ᠰᠠᠭᠤᠷᠢᠨ︾ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ 2025 ᠣᠨ ᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠠᠵᠢᠯ | ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠪᠦᠬᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠪᠦᠬᠦ ᠬᠦᠴᠦᠨ ᠢᠶᠠᠷ ᠢᠶᠠᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ |