ᠥᠪᠥᠷ ᠮᠤᠩᠭᠤᠯ ᠤᠨ ᠥᠪᠠᠷᠳᠡᠭᠡᠨ ᠵᠠᠰᠠᠬᠤ ᠣᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ | ᠣᠳᠣ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠥᠵᠢᠯ ᠤᠨ ᠨᠣᠮ ᠪᠢᠴᠢᠭ ᠢ ᠬᠤᠳᠠᠯᠳᠤᠨ ᠠᠪᠬᠤ ᠲᠦᠷᠥᠯ ᠵᠦᠢᠯ ᠢ ᠵᠠᠷᠯᠠᠵᠤ ᠪᠠᠶᠢᠨ᠎ᠠ᠂ ᠬᠢᠷᠢ ᠭᠡᠮ ᠤᠨ | ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ ᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠨᠢᠭᠡ᠂ ᠲᠥᠷᠦᠯ ᠵᠦᠢᠯ ᠤᠨ ᠲᠦᠢᠮᠦ ᠲᠣᠭᠠᠴᠢᠯᠲᠠ | ᠲᠥᠷᠦᠯ ᠵᠦᠢᠯ ᠤᠨ ᠨᠡᠷᠡᠶᠢᠳᠦᠯ᠄ ᠤᠯᠤᠰ ᠤᠨ ᠨᠢᠭᠡᠳᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠵᠦ ᠲᠦᠭᠡᠮᠡᠯᠵᠢᠭᠦᠯᠬᠦ ᠤᠬᠠᠭᠤᠯᠭ᠎ᠠ ᠬᠥᠮᠥᠵᠢᠯ ᠤᠨ ᠨᠣᠮ ᠪᠢᠴᠢᠭ ᠢ ᠬᠤᠳᠠᠯᠳᠤᠨ ᠠᠪᠬᠤ | ᠲᠥᠷᠥᠯ ᠵᠦᠢᠯ ᠤᠨ ᠲᠥᠰᠥᠪ᠄ 10 ᠲᠦᠮᠡᠨ ᠲᠥᠭᠦᠷᠢᠭ | ᠵᠥᠪᠰᠢᠶᠡᠷᠡᠭᠰᠡᠨ ᠪᠠᠶᠢᠭᠤᠯᠭ᠎ᠠ᠄ ᠥᠪᠥᠷ ᠮᠤᠩᠭᠤᠯ ᠤᠨ ᠥᠪᠠᠷᠳᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ | ᠬᠤᠳᠠᠯᠳᠤᠨ ᠠᠪᠬᠤ ᠬᠡᠯᠪᠡᠷᠢ᠄ ᠢᠯᠡ ᠪᠠᠷ ᠦᠨ᠎ᠡ ᠯᠠᠪᠯᠠᠨ᠎ᠠ | ᠬᠤᠶᠠᠷ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠤᠨ ᠱᠠᠭᠠᠷᠳᠠᠯᠭ᠎ᠠ | 1. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠬᠠᠥᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ ᠪᠦᠷᠢᠳᠦᠭᠦᠯᠪᠡᠯ ᠵᠣᠬᠢᠨ᠎ᠠ | ︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠨ ᠡᠭᠦᠷᠭᠡᠯᠡᠬᠦ ᠴᠢᠳᠠᠪᠤᠷᠢ ᠲᠠᠢ ᠪᠠᠶᠢᠬᠤ | | ︵2︶ ᠰᠢᠯᠢᠳᠡᠭ ᠰᠠᠶᠢᠨ ᠬᠤᠳᠠᠯᠳᠤᠭᠠᠨ ᠤ ᠦᠢᠯᠡᠰ ᠤᠨ ᠢᠲᠡᠭᠡᠯ ᠬᠦᠨᠳᠦ ᠪᠠ ᠪᠦᠷᠢᠨ ᠪᠦᠲᠦᠨ ᠡᠳ᠋ ᠤᠨ | ᠶᠠᠪᠤᠳᠠᠯ ᠤᠨ ᠨᠢᠭᠲᠠᠯᠠᠨ ᠪᠣᠳᠣᠬᠤ ᠳᠦᠷᠢᠮ ᠲᠠᠢ ᠪᠠᠶᠢᠬᠤ | ︵3︶ ᠭᠡᠷ᠎ᠡ ᠶᠢ ᠭᠦᠢᠴᠡᠳᠬᠡᠬᠦ ᠳᠤ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ | ︵4︶ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠪᠠᠨ ᠬᠠᠤᠯᠢ ᠶᠣᠰᠣᠭᠠᠷ | ᠳᠤᠰᠢᠶᠠᠭᠰᠠᠨ ᠣᠬᠢ ᠰᠠᠶᠢᠨ ᠲᠡᠮᠲᠡᠭᠯᠡᠯ ᠲᠠᠢ ᠪᠠᠶᠢᠬᠤ | ︵5︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ | ᠭᠤᠷᠪᠠᠨ ᠵᠢᠯ ᠤᠨ ᠳᠣᠲᠤᠷᠠᠬᠢ ᠡᠵᠡᠩᠨᠡᠯᠲᠡ ᠶᠢᠨ ᠠᠵᠢᠯᠯᠠᠭ᠎ᠠ ᠳᠤᠮᠳᠠ ᠬᠦᠨᠳᠦ ᠶᠡᠭᠡ ᠬᠠᠤᠯᠢ ᠠᠴᠠ ᠵᠥᠷᠢᠴᠡᠭᠰᠡᠨ | ᠲᠡᠮᠲᠡᠭᠯᠡᠯ ᠦᠭᠡᠢ ᠪᠠᠶᠢᠬᠤ | ︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠳᠤ ᠲᠣᠭᠲᠠᠭᠠᠭᠰᠠᠨ ᠪᠤᠰᠤᠳ | ᠨᠥᠬᠦᠴᠡᠯ ᠳᠤ ᠨᠡᠶᠢᠴᠡᠭᠰᠡᠨ ᠪᠠᠶᠢᠬᠤ᠃ | 2. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶᠂ | ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.cn︶ | ᠵᠡᠷᠭᠡ ᠠᠷᠭ᠎ᠠ ᠵᠠᠮ ᠢᠶᠠᠷ ᠳᠠᠮᠵᠢᠨ ᠢᠲᠡᠭᠡᠮᠵᠢ ᠠᠯᠳᠠᠭᠰᠠᠨ ᠬᠠᠤᠯᠢ ᠬᠡᠷᠡᠭᠵᠢᠭᠦᠯᠦᠭᠳᠡᠭᠴᠢ᠂ ᠬᠦᠨᠳᠦ ᠶᠡᠭᠡ ᠭᠠᠶᠢᠯᠢ | ᠲᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠢ ᠶᠢᠨ ᠬᠦᠮᠦᠰ ᠤᠨ ᠨᠡᠷᠡᠰ ᠲᠤ ᠣᠷᠤᠭᠰᠠᠳ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠬᠠᠥᠯᠢ ᠶᠢ ᠬᠦᠨᠳᠦ ᠨᠣᠴᠢᠲᠠᠢ ᠵᠦᠷᠢᠴᠡᠵᠦ ᠢᠲᠡᠭᠡᠮᠵᠢ | ᠠᠯᠳᠠᠭᠰᠠᠨ ᠠᠵᠢᠯᠯᠠᠭ᠎ᠠ ᠶᠢᠨ ᠲᠡᠮᠲᠡᠭᠯᠡᠯ ᠳᠤ ᠣᠷᠤᠭᠰᠠᠳ ᠵᠢᠴᠢ ᠪᠤᠰᠤᠳ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠭ᠎ᠠ︾ ᠶᠢᠨ ᠬᠤᠷᠢᠨ ᠬᠤᠶᠠᠳᠤᠭᠠᠷ ᠵᠦᠢᠯ ᠳᠤ | ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠬᠤᠳᠠᠯᠳᠤᠭᠠᠴᠢᠳ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ | 3. ᠲᠤᠰ ᠲᠥᠷᠥᠯ ᠵᠦᠢᠯ ᠨᠢ ᠬᠤᠯᠪᠣᠭᠠᠲᠤ ᠴᠣᠭᠴᠠ ᠪᠠᠷ ᠦᠷᠢᠰᠦᠯᠳᠦᠨ ᠬᠡᠯᠡᠯᠴᠡᠭᠡᠷ ᠬᠢᠬᠦ ᠶᠢ ᠬᠦᠯᠢᠶᠡᠨ | ᠠᠪᠬᠤ ᠦᠭᠡᠢ᠃ | ᠭᠤᠷᠪᠠ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠬᠦᠯᠢᠶᠡᠨ ᠠᠪᠬᠤ ᠴᠠᠭ᠂ ᠭᠠᠵᠠᠷ᠂ ᠬᠡᠯᠪᠡᠷᠢ | ᠳᠡᠭᠡᠷᠡᠬᠢ ᠨᠥᠬᠦᠴᠡᠯ ᠳᠤ ᠨᠡᠶᠢᠴᠡᠬᠦ ᠬᠤᠳᠠᠯᠳᠤᠭᠠᠴᠢᠳ 2025 ᠣᠨ ᠤ 1 ᠳ᠋ᠦ᠋ᠭᠡᠷ ᠰᠠᠷ᠎ᠠ ᠶᠢᠨ 9 ᠤ | ᠡᠳᠦᠷ ᠠᠴᠠ 2025 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠪᠤᠯᠲᠠᠯ᠎ᠠ ᠥᠪᠥᠷ ᠮᠤᠩᠭᠤᠯ ᠤᠨ ᠥᠪᠠᠷᠳᠡᠭᠡᠨ | ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠦᠷᠴᠦ ᠬᠢᠷᠢ ᠬᠡᠮ ᠤᠨ ᠭᠡᠷᠡᠴᠢ ᠪᠠᠨ | ᠳᠤᠰᠢᠶᠠᠵᠤ ᠪᠤᠯᠤᠨ᠎ᠠ᠃ | ᠬᠢᠷᠢ ᠬᠡᠮ ᠤᠨ ᠭᠡᠷᠡᠴᠢ ᠪᠠᠨ ᠲᠤᠰᠢᠶᠠᠬᠤ ᠦᠶᠡᠰ᠂ ᠳᠣᠣᠷᠠᠬᠢ ᠮᠠᠲ᠋ᠧᠷᠢᠶᠠᠯ ᠤᠨ ᠬᠠᠭᠤᠯᠪᠤᠷᠢ ︵ | ᠬᠠᠭᠤᠯᠪᠤᠷᠢ ᠳᠡᠭᠡᠷ᠎ᠡ ᠺᠤᠮᠫᠠᠨᠢ ᠶᠢᠨ ᠠᠯᠪᠠᠨ ᠲᠠᠮᠠᠭ᠎ᠠ ᠳᠠᠷᠤᠬᠤ ᠴᠢᠬᠤᠯᠠᠲᠠᠢ᠂ ᠨᠡᠶᠢᠲᠡ ᠭᠤᠷᠪᠠᠨ ᠬᠤᠪᠢ᠂ | ᠪᠠᠷᠢᠮᠵᠢᠶ᠎ᠠ A4 ᠴᠠᠭᠠᠰᠤ︶ ᠶᠢ ᠠᠪᠴᠤ ᠢᠷᠡᠨ ᠳᠣᠣᠷᠠᠬᠢ ᠮᠠᠲ᠋ᠧᠷᠢᠶᠠᠯ ᠢ ᠬᠠᠩᠭᠠᠬᠤ ᠴᠢᠬᠤᠯᠠᠲᠠᠢ᠄ | ︵1︶ ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠢᠶᠠᠨ ᠦᠵᠡᠭᠦᠯᠦᠭᠡᠳ᠂ ᠬᠠᠭᠤᠯᠪᠤᠷᠢ ᠶᠢ ᠬᠠᠩᠭᠠᠨ᠎ᠠ | ︵2︶ ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠥᠨ ᠤ ᠭᠠᠷ ᠤᠨ ᠦᠰᠦᠭ | ᠵᠢᠷᠤᠭᠰᠠᠨ᠂ ᠺᠤᠮᠫᠠᠨᠢ ᠶᠢᠨ ᠲᠠᠮᠠᠭ᠎ᠠ ᠶᠢ ᠳᠠᠷᠤᠭᠰᠠᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠢ ᠭᠠᠷᠭᠠᠵᠤ | ᠦᠵᠡᠭᠦᠯᠦᠨ᠎ᠡ | ︵3︶ ᠬᠦᠴᠦᠨ ᠲᠠᠢ ᠪᠦᠭᠡᠳ ᠳᠠᠭᠠᠭᠠᠴᠢᠯᠠᠯᠲᠠ ᠵᠠᠷᠯᠠᠭᠰᠠᠨ ᠺᠤᠮᠫᠠᠨᠢ ᠶᠢᠨ ᠠᠯᠪᠠᠨ ᠲᠠᠮᠠᠭ᠎ᠠ ᠶᠢ | ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠪᠰᠤᠷᠤᠮᠠᠯ ᠬᠠᠭᠤᠳᠠᠰᠤ ᠶᠢᠨ ᠬᠠᠭᠤᠯᠪᠤᠷᠢ ᠶᠢ ᠬᠠᠩᠭᠠᠨ᠎ᠠ | ︵4︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ | ᠭᠤᠷᠪᠠᠨ ᠵᠢᠯ ᠤᠨ ᠳᠣᠲᠤᠷᠠᠬᠢ ᠡᠵᠡᠩᠨᠡᠯᠲᠡ ᠶᠢᠨ ᠠᠵᠢᠯᠯᠠᠭ᠎ᠠ ᠳᠤᠮᠲᠠ ᠬᠦᠨᠳᠦ ᠶᠡᠭᠡ ᠬᠠᠤᠯᠢ ᠠᠴᠠ ᠵᠥᠷᠢᠴᠡᠭᠰᠡᠨ | ᠲᠡᠮᠲᠡᠭᠯᠡᠯ ᠦᠭᠡᠢ ᠪᠠᠶᠢᠬᠤ ᠪᠢᠴᠢᠭ ᠤᠨ ᠲᠣᠳᠣᠷᠬᠠᠶᠢᠯᠠᠯᠲᠠ ᠶᠢ ᠬᠠᠩᠭᠠᠨ᠎ᠠ | ︵5︶ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ | ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.cn︶ | ᠳᠡᠭᠡᠷᠡᠬᠢ ᠢᠲᠡᠭᠡᠮᠵᠢ ᠶᠢ ᠪᠠᠶᠢᠴᠠᠭᠠᠨ ᠦᠵᠡᠭᠰᠡᠨ ᠲᠡᠮᠲᠡᠭᠯᠡᠯ ᠢ ᠬᠠᠩᠭᠠᠨ᠎ᠠ ︵ᠢᠲᠡᠭᠡᠮᠵᠢ ᠠᠯᠳᠠᠭᠰᠠᠨ ᠬᠠᠤᠯᠢ | ᠬᠡᠷᠡᠭᠵᠢᠭᠦᠯᠦᠭᠳᠡᠭᠴᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠢ ᠶᠢᠨ | ᠬᠦᠮᠦᠰ ᠤᠨ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠬᠠᠤᠯᠢ ᠶᠢ ᠬᠦᠨᠳᠦ ᠨᠣᠴᠢᠲᠠᠢ ᠵᠥᠷᠢᠴᠡᠵᠦ | ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠲᠡᠮᠲᠡᠭᠯᠡᠯ ᠵᠡᠷᠭᠡ ᠶᠢ ᠪᠠᠶᠢᠴᠠᠭᠠᠨ ᠦᠵᠡᠭᠰᠡᠨ ᠪᠠᠶᠢᠬᠤ ᠬᠡᠷᠡᠭᠲᠡᠢ︶ | ᠃ | ᠳᠥᠷᠪᠡ᠂ ᠬᠠᠷᠢᠯᠴᠠᠬᠤ ᠬᠡᠯᠪᠡᠷᠢ | ᠬᠤᠳᠠᠯᠳᠤᠨ ᠠᠪᠤᠭᠴᠢ᠄ ᠥᠪᠥᠷ ᠮᠤᠩᠭᠤᠯ ᠤᠨ ᠥᠪᠠᠷᠳᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ | ᠬᠠᠶ᠋ᠢᠭ᠄ ᠬᠦᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠤᠮᠧᠷ ᠤᠨ 7 ᠳ᠋ᠤᠭᠠᠷ | ᠠᠰᠠᠷ ᠤᠨ 4 ᠳ᠋ᠤᠭᠡᠷ ᠳᠠᠪᠬᠤᠷᠯᠢᠭ ᠤᠨ 413 ᠭᠡᠷ | ᠬᠠᠷᠢᠯᠴᠠᠬᠤ ᠬᠦᠮᠦᠨ᠄ ᠪᠤᠷᠮ᠎ᠠ | ᠤᠲᠠᠰᠤ᠄ 0471 — 6945718 | ᠥᠪᠥᠷ ᠮᠤᠩᠭᠤᠯ ᠤᠨ ᠥᠪᠠᠷᠳᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ | 2025 ᠣᠨ ᠤ 1 ᠳ᠋ᠦ᠋ᠭᠡᠷ ᠰᠠᠷ᠎ᠠ ᠶᠢᠨ 9 ᠤ ᠡᠳᠦᠷ |