ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ | ᠪᠠᠲᠤᠯᠠᠬᠤ ᠶᠢᠨ ᠲᠥᠯᠥᠭᠡ᠂ 1 ᠰᠠᠷ᠎ᠠ ᠶᠢᠨ 22 ᠤᠨ ᠡᠳᠦᠷ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠹᠧᠩ ᠯᠦ ᠸᠧᠨ᠂ | ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ | ᠭᠠᠵᠠᠷ ᠤᠨ ᠳᠡᠳ᠋ ᠡᠷᠬᠢᠯᠡᠭᠴᠢ ᠸᠠᠩ ᠵᠠᠨ ᠰᠢᠤᠢ ᠪᠦᠯᠬᠦᠮ ᠳᠠᠭᠠᠭᠤᠯᠤᠨ ᠪᠠᠶᠠᠷ ᠤᠨ ᠡᠳᠦᠷ ᠠᠴᠠ ᠡᠮᠦᠨᠡᠬᠢ | ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ᠃ ᠨᠡᠶᠢᠭᠡᠮ ᠵᠠᠰᠠᠯᠲᠠ ᠶᠢᠨ ᠠᠯᠪᠠᠨ ᠭᠡᠷ᠂ | ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡᠨ ᠤ ᠲᠥᠪ᠂ ᠮᠢᠨ ᠰᠢᠨ ᠵᠢᠶᠠ ᠶᠤᠸᠠᠨ ᠨᠡᠶᠢᠭᠡᠮ ᠲᠣᠭᠤᠷᠢᠭ | ᠪᠠᠶᠢᠴᠠᠭᠠᠯᠲᠠ ᠳᠤ ᠣᠷᠣᠯᠴᠠᠪᠠ᠃ | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠮᠢᠨ ᠰᠢᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ᠂ | ᠵᠢᠦ ᠵᠢᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ᠂ | ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠨᠢᠭᠡᠪᠦᠷᠢ ᠴᠥᠮ | ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠶᠢᠨ ᠬᠠᠮᠲᠤ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠤ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ | ᠂ ᠭᠤᠤᠯᠳᠠᠭᠤ ᠠᠶᠤᠯᠭᠦᠶ ᠭᠠᠷᠬᠤ ᠡᠭᠦᠳᠡ᠂ ᠲᠠᠷᠬᠠᠭᠠᠬᠤ ᠵᠠᠮ ᠰᠠᠭᠠᠳ ᠥᠬᠡᠶ ᠨᠡᠪᠲᠡᠷᠡᠬᠦ ᠡᠰᠡᠬᠦ᠂ ᠪᠠᠴᠢᠮ | ᠪᠠᠶᠢᠳᠠᠯ ᠢ ᠠᠷᠭᠠᠴᠠᠬᠤ ᠭᠡᠷᠡᠯᠲᠦᠭᠦᠯᠭᠡ᠂ ᠲᠠᠷᠬᠠᠭᠠᠬᠤ ᠵᠢᠭᠠᠯᠲᠠ ᠶᠢᠨ ᠲᠡᠮᠳᠡᠭ ᠪᠦᠷᠢᠨ ᠭᠦᠢᠴᠡᠳ ᠡᠰᠡᠬᠦ᠂ ᠭᠠᠯ | ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠪᠦᠷᠢᠨ ᠪᠦᠲᠦᠨ ᠪᠠᠶᠢᠬᠤ ᠡᠰᠡᠬᠦ᠂ ᠴᠠᠬᠢᠯᠭᠠᠨ ᠱᠤᠭᠤᠮ ᠤᠨ | ᠵᠢᠷᠤᠮᠵᠢᠯ ᠲᠠᠢ ᠪᠠᠶᠢᠬᠤ ᠡᠰᠡᠬᠦ ᠵᠡᠷᠭᠡ ᠪᠠᠶᠢᠳᠠᠯ ᠳᠤ ᠴᠢᠭᠯᠡᠭᠦᠯᠦᠨ ᠪᠠᠶᠢᠴᠠᠭᠠᠯᠲᠠ ᠬᠢᠨ᠎ᠠ᠃ ᠲᠤᠬᠠᠶ ᠶᠢᠨ | ᠲᠠᠯᠠᠪᠤᠷ ᠤᠨ ᠪᠠᠶᠢᠴᠠᠭᠠᠯᠲᠠ ᠳᠤ ᠵᠢᠦ ᠵᠢᠦ ᠰᠢᠨ ᠶᠤᠸᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ | ᠣᠯᠠᠨ ᠬᠤᠳᠠᠯᠳᠤᠭᠠᠨ ᠤ ᠳᠡᠯᠭᠡᠭᠦᠷ ᠤᠨ ᠵᠠᠮ ᠡᠵᠡᠯᠡᠨ ᠡᠵᠡᠩᠨᠡᠬᠦ᠂ ᠭᠠᠯ ᠤᠨᠲᠠᠷᠠᠭᠠᠭᠤᠯ ᠢ ᠪᠥᠭᠯᠡᠬᠦ ᠵᠡᠷᠭᠡ ᠠᠮᠤᠷ | ᠲᠦᠪᠰᠢᠨ ᠤ ᠬᠡᠮ ᠰᠣᠭᠤᠭ ᠢ ᠢᠯᠡᠷᠡᠭᠦᠯᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ | ᠬᠡᠮ ᠰᠣᠭᠤᠭ ᠲᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠴᠡᠭᠴᠡᠯᠡᠨ | ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠢᠭᠡᠴᠡ ᠶᠢ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠳᠦᠰᠦᠯᠡᠨ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ | ᠠᠮᠤᠷ ᠲᠦᠪᠰᠢᠨ ᠤ ᠪᠠᠶᠢᠴᠠᠭᠠᠯᠲᠠ ᠶᠢ ︽ᠪᠦᠬᠦᠨ ᠢ ᠬᠠᠮᠤᠷᠬᠤ︾᠂ ᠬᠡᠮ ᠰᠣᠭᠤᠭ ᠢ ᠴᠡᠭᠴᠡᠯᠡᠨ | ᠰᠠᠶᠢᠵᠢᠷᠠᠭᠤᠯᠬᠤ ᠳᠤ ︽ᠥᠴᠦᠬᠡᠨ ᠴᠦ ᠠᠭᠤᠴᠢᠯᠠᠬᠤ ᠥᠬᠡᠶ︾ ᠪᠠᠶᠢᠬᠤ ᠶᠢ ᠪᠡᠶᠡᠯᠡᠭᠦᠯᠵᠦ᠂ ᠠᠶᠤᠯᠭᠦᠶ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠭᠡᠵᠦ ᠱᠠᠭᠠᠷᠳᠠᠪᠠ᠃ ᠵᠡᠭᠡᠯᠢ | ᠭᠤᠳᠤᠮᠵᠢ ᠶᠢᠨ ᠤᠳᠤᠷᠢᠳᠤᠯᠭ᠎ᠠ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠣᠶᠢᠷᠠᠳᠴᠤ᠂ ᠬᠥᠮᠦᠰ ᠤᠨ ᠰᠢᠯᠵᠢᠯᠲᠡ | ᠨᠡᠮᠡᠭᠳᠡᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠭᠠᠯ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ ᠪᠠᠶᠢᠨ᠎ᠠ᠃ ᠡᠯ᠎ᠡ | ᠨᠢᠭᠡᠴᠡ ᠨᠦᠭᠦᠳ ᠠᠮᠤᠷ ᠲᠦᠪᠰᠢᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠶᠤᠯ | ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠡᠯ᠎ᠡ | ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠡᠭᠦᠨ ᠤ ᠬᠠᠮᠲᠤ᠂ | ᠠᠵᠢᠯᠲᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠪᠣᠯᠤᠨ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠤᠨ | ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠴᠠᠭᠠᠨ ᠰᠠᠷ᠎ᠠ ᠶᠢᠨ | ᠬᠤᠭᠤᠴᠠᠭᠠᠨ ᠳᠤ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ |