1 ᠰᠠᠷ᠎ᠠ ᠶᠢᠨ 22 ᠤᠨ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠬᠠᠳᠤᠨ | ᠭᠤᠣᠯ ᠤᠨ ᠶᠡᠭᠡ ᠴᠤᠭᠯᠠᠭ᠎ᠠ — ᠳᠡᠯᠡᠬᠡᠢ ᠳ᠋ᠠᠬᠢᠨ ᠤ ᠬᠠᠳᠤᠨ ᠭᠤᠣᠯ ᠤᠨ ᠨᠢᠭᠡᠳᠦᠭᠡᠷ ᠲᠣᠰᠬᠤᠨ︾ ᠳᠤ ︽ | ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ | ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠰᠢᠷᠢᠰ ᠠᠵᠢᠯᠯᠠᠭ᠎ᠠ ᠶᠢᠨ ᠬᠤᠣᠰ ᠤᠶᠠᠩᠭ᠎ᠠ | ᠪᠢᠴᠢᠵᠦ ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠨᠢ ᠪᠠᠶᠠᠷ ᠤᠨ ᠠᠭᠤᠷ ᠠᠮᠢᠰᠬᠤᠯ ᠢᠶᠠᠷ ᠪᠢᠯᠬᠠᠭᠰᠠᠨ ︽ᠰᠠᠶᠢᠨ ᠠᠵᠠ ᠪᠦᠬᠦᠨ ᠢᠶᠠᠷ ᠢᠷᠡᠬᠦ︾ | ᠪᠦᠵᠢᠭ ᠢᠶᠠᠷ ᠡᠬᠢᠯᠡᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠴᠠᠭᠠᠨ ᠰᠠᠷ᠎ᠠ ᠶᠢᠨ ᠠᠩᠬᠠᠨ ᠤ ᠵᠥᠩᠨᠡᠯ | ᠳᠡᠪᠰᠢᠭᠦᠯᠵᠡᠢ᠃ ᠭᠤᠴᠣᠯᠠᠯ ᠳᠠᠭᠤᠤ ︽ᠮᠢᠨᠦ ᠡᠬᠡ ᠨᠤᠲᠤᠭ︾ ᠨᠢ ᠬᠥᠮᠦᠰ ᠢ ᠭᠤᠶᠣ ᠰᠠᠢᠬᠠᠨ ᠨᠤᠲᠤᠭ ᠲᠤ | ᠳᠠᠭᠠᠭᠤᠯᠵᠤ ᠣᠷᠣᠭᠤᠯᠪᠠ᠃ ᠱᠤᠭ ᠵᠦᠴᠦᠭᠡ ︽ᠬᠤᠳᠠᠭᠠᠢ ᠡᠵᠢ︾ ᠤᠯᠠᠮᠵᠢᠯᠠᠯᠲᠤ ᠤᠷᠠᠨ ᠰᠠᠶᠢᠬᠠᠨ ᠤ | ᠲᠣᠭᠯᠠᠯᠲᠠ ᠶᠢᠨ ᠬᠡᠯᠪᠡᠷᠢ ᠪᠠᠷ ᠡᠶ᠎ᠡ ᠨᠠᠶᠢᠷᠠᠮᠳᠠᠭᠤ ᠭᠡᠷ ᠤᠨ ᠰᠤᠷᠲᠠᠯ ᠢ ᠳᠡᠯᠭᠡᠨ ᠦᠵᠡᠭᠦᠯᠵᠦ᠂ ᠵᠣᠯ ᠵᠢᠷᠭᠠᠯ ᠪᠠ | ᠢᠳᠡᠪᠬᠢ ᠬᠦᠴᠦᠨ ᠢ ᠳᠠᠮᠵᠢᠭᠤᠯᠪᠠ᠃ | ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠪᠣᠳᠠᠰ ᠤᠨ ᠪᠤᠰᠤ | ᠰᠣᠶᠣᠯ ᠤᠨ ᠥᠪ ᠤᠨ ᠤᠯᠠᠮᠵᠢᠯᠠᠭᠴᠢ ᠡᠯ᠎ᠡ ᠦᠨᠳᠦᠰᠦᠲᠡᠨ ᠤ ᠣᠯᠠᠨ ᠲᠦᠮᠡᠨ ᠲᠠᠢ ᠬᠠᠮᠲᠤ ᠪᠠᠷ ᠴᠠᠭᠠᠨ | ᠰᠠᠷ᠎ᠠ ᠶᠢᠨ ᠬᠤᠣᠰ ᠤᠶᠠᠩᠭ᠎ᠠ ᠪᠢᠴᠢᠵᠦ ᠵᠥᠩᠨᠡᠯ ᠳᠡᠪᠰᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ | ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠪᠡᠶᠡᠴᠢᠯᠡᠨ ᠣᠶᠢᠯᠠᠭᠠᠪᠠ᠃ ᠤᠷᠠᠨ ᠪᠢᠴᠢᠯᠭᠡ ᠶᠢᠨ ᠪᠠᠭᠰᠢ ᠨᠠᠷ | ᠪᠢᠷ ᠪᠡᠭᠡ ᠪᠠᠨ ᠬᠤᠷᠦ᠋ᠢᠯᠠᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠲᠠᠢ ᠪᠠᠶᠢᠵᠤ᠂ ᠪᠠᠶᠠᠷ ᠪᠠᠶᠠᠰᠬᠤᠯᠠᠩ ᠲᠠᠢ ᠪᠠᠶᠢᠯ᠎ᠠ᠃ ᠤᠯᠠᠭᠠᠨ ᠦᠩᠭᠡ ᠶᠢᠨ ᠴᠠᠭᠠᠨ ᠰᠠᠷ᠎ᠠ ᠶᠢᠨ | ᠬᠤᠣᠰ ᠤᠶᠠᠩᠭ᠎ᠠ ᠪᠠ ᠵᠣᠯ ᠵᠢᠷᠭᠠᠯ ᠤᠨ ᠦᠭᠡ ᠨᠢ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠪᠠᠶᠠᠷ | ᠪᠠᠶᠠᠰᠬᠤᠯᠠᠩ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠨᠠᠩ ᠴᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠢᠨ᠎ᠡ ᠨᠢᠭᠡ ᠵᠢᠯ ᠳᠤ ᠪᠦᠯᠬᠦᠮᠳᠡᠨ ᠲᠡᠮᠡᠴᠡᠵᠦ᠂ ᠵᠣᠯ ᠵᠢᠷᠭᠠᠯ ᠲᠠᠢ | ᠠᠮᠤᠷ ᠠᠮᠤᠭᠤᠯᠠᠩ ᠪᠠᠶᠢᠬᠤ ᠶᠢ ᠬᠠᠷᠠᠭᠤᠯᠵᠤ ᠪᠠᠶᠢᠨ᠎ᠠ᠃ | ᠰᠣᠨᠢᠷᠬᠠᠯᠲᠤ ᠲᠣᠭᠯᠠᠭᠠᠮ ᠤᠨ ᠭᠤᠭᠴᠤᠭ᠎ᠠ ᠳᠤ ᠪᠡᠶ᠎ᠡ ᠶᠢᠨ ᠲᠠᠮᠢᠷ᠂ ᠡᠷᠡᠭᠦᠯ ᠴᠢᠭᠢᠷᠠᠭ᠂ ᠪᠠᠶᠠᠷ | ᠪᠠᠶᠠᠰᠬᠤᠯᠠᠩ ᠢᠶᠠᠷ ᠭᠤᠣᠯ ᠰᠡᠳᠦᠪ ᠪᠣᠯᠭᠠᠵᠤ᠂ ︽ᠤᠷᠤᠯᠳᠤᠭᠠᠨ︾ ᠢ ︽ᠵᠤᠭ᠎ᠠ ᠴᠡᠩᠭᠡᠯ︾ ᠪᠣᠯᠭᠠᠨ | ᠬᠤᠪᠢᠷᠠᠭᠤᠯᠵᠤ᠂ ᠤᠯᠠᠨ ᠢᠶᠠᠷ ᠢᠶᠠᠨ ᠲᠡᠮᠦᠷ ᠴᠠᠭᠠᠷᠢᠭ ᠦᠩᠬᠦᠷᠢᠬᠦ᠂ ᠳᠡᠪᠦᠷ᠎ᠡ ᠲᠠᠯᠪᠢᠬᠤ ᠵᠡᠷᠭᠡ ᠤᠯᠠᠮᠵᠢᠯᠠᠯᠲᠤ | ᠲᠣᠭᠯᠠᠭᠠᠮ ᠳᠤ ᠢᠳᠡᠪᠬᠢᠲᠡᠢ ᠣᠷᠣᠯᠴᠠᠪᠠ᠃ ᠪᠠᠶᠠᠷᠯᠠᠯᠳᠤᠨ ᠬᠥᠭᠡᠷᠦᠯᠳᠦᠬᠦ ᠳᠤ ᠦᠨᠳᠦᠰᠦᠲᠡᠨ ᠨᠦᠭᠦᠳ ᠤᠨ ᠣᠯᠠᠨ | ᠲᠦᠮᠡᠨ ᠬᠠᠷᠢᠯᠴᠠᠨ ᠬᠠᠮᠵᠢᠯᠴᠠᠵᠤ᠂ ᠰᠡᠳᠬᠢᠯ ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠵᠠᠩ ᠳᠠᠳᠬᠠᠯ ᠤᠨ ᠲᠤᠬᠠᠶ ᠣᠶᠢᠯᠠᠭᠠᠯᠴᠠᠭ᠎ᠠ ᠪᠠᠨ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ᠂ ᠰᠡᠳᠬᠢᠯ ᠵᠢᠷᠦᠬᠡ ᠶᠢᠨ ᠵᠠᠶ ᠶᠢ ᠣᠶᠢᠷᠠᠲᠤᠭᠤᠯᠪᠠ᠃ | |