ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠬᠢᠭᠡᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 2024 ᠣᠨ ᠤ ᠬᠤᠪᠣᠷ | ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠲᠦᠷᠦᠭᠦᠤ ᠶᠠᠰᠤ ᠴᠢᠨᠠᠷ ᠤᠨ | ᠲᠤᠰᠢᠶᠠᠯᠲᠠᠨ ᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠬᠤ ᠶᠣᠰᠣᠯᠠᠯ ᠡᠷᠭᠢᠯᠡᠵᠦ᠂ ᠬᠠᠷᠢᠶ᠎ᠠ ᠣᠷᠣᠨ ᠤ 28 | ᠠᠵᠤ ᠠᠬᠤᠶᠢᠯᠠᠯ ᠲᠦᠷᠦᠭᠦᠤ ᠶᠠᠰᠤ ᠴᠢᠨᠠᠷ ᠤᠨ ᠲᠤᠰᠢᠶᠠᠯᠲᠠᠨ ᠤ ᠰᠤᠷᠤᠯᠭ᠎ᠠ ᠲᠡᠭᠦᠰᠦᠭᠰᠡᠨ ᠦᠨᠡᠮᠯᠡᠯ ᠤᠯᠪᠠ᠃ | ᠡᠨᠡ ᠪᠣᠯ ᠮᠠᠨ ᠤ ᠣᠷᠣᠨ ᠤ ᠲᠠᠷᠬᠠᠭᠠᠭᠰᠠᠨ ᠠᠩᠬᠠᠳᠠᠭᠴᠢ ᠪᠦᠯᠦᠭ ᠰᠤᠷᠤᠯᠭ᠎ᠠ ᠲᠡᠭᠦᠰᠦᠭᠰᠡᠨ ᠦᠨᠡᠮᠯᠡᠯ ᠪᠣᠯᠤᠨ᠎ᠠ᠃ | ᠦᠨᠡᠮᠯᠡᠯ ᠣᠯᠤᠭᠰᠠᠨ ᠶᠢᠩ ᠰᠧ ᠲᠧ ᠰᠤᠷᠢᠨᠵᠢᠨ᠂ ᠨᠢᠭᠡᠳᠦᠭᠡᠷ ᠮᠠᠰᠢᠨ ᠮᠧᠬᠠᠨᠢᠭ ᠤᠨ ᠬᠤᠩ ᠶᠤᠸᠠᠨ | ᠴᠠᠬᠢᠯᠭᠠᠨ ᠬᠡᠷᠡᠭᠰᠡᠯ ᠵᠡᠷᠭᠡ 28 ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠶᠢᠰᠢᠳᠠ | ᠲᠦᠷᠦᠭᠦᠦ ᠶᠠᠰᠤ ᠴᠢᠨᠠᠷ ᠤᠨ ᠲᠤᠰᠢᠶᠠᠯᠲᠠᠨ ᠤ ᠠᠵᠤ ᠠᠬᠤᠶᠢᠯᠠᠯ ᠤᠨ ᠶᠠᠰᠤ ᠴᠢᠨᠠᠷ ᠤᠨ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠬᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠬᠤ᠂ ᠶᠠᠰᠤ ᠴᠢᠨᠠᠷ ᠤᠨ ᠰᠣᠶᠣᠯ ᠤᠨ ᠴᠣᠭᠴᠠᠯᠠᠯᠲᠠ ᠵᠡᠷᠭᠡ ᠲᠠᠯ᠎ᠠ ᠶᠢᠨ ᠵᠠᠩᠭᠢᠯᠠᠭ᠎ᠠ ᠶᠢᠨ ᠬᠦᠳᠦᠯᠦᠨ | ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠶᠠᠰᠤ ᠴᠢᠨᠠᠷ ᠤᠨ ᠰᠢᠨ᠎ᠡ ᠶᠢ ᠡᠭᠦᠳᠬᠦ ᠰᠡᠳᠬᠢᠬᠦᠢ ᠶᠢ | ᠦᠷᠭᠦᠯᠵᠢᠯᠡᠨ ᠴᠢᠩᠭᠠᠳᠬᠠᠵᠤ᠂ ᠡᠮᠦᠨ᠎ᠡ ᠵᠠᠬ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ | ᠠᠷᠭ᠎ᠠ ᠶᠢ ᠰᠠᠨᠠᠭᠠᠴᠢᠯᠠᠭ᠎ᠠ ᠠᠴᠠ ᠪᠠᠨ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠭᠤᠣᠯᠯᠠᠭᠴᠢ | ᠥᠷᠢᠰᠦᠯᠳᠦᠬᠦ ᠬᠦᠴᠦᠨ ᠢ ᠦᠨᠡᠨᠬᠦ ᠳᠡᠭᠡᠭᠰᠢᠯᠡᠭᠦᠯᠦᠨ᠎ᠡ ᠭᠡᠵᠡᠶ᠃ | ᠠᠵᠤ ᠠᠬᠤᠶᠢᠯᠠᠯ ᠤᠨ ᠲᠦᠷᠦᠭᠦᠦ ᠶᠠᠰᠤ ᠴᠢᠨᠠᠷ ᠤᠨ ᠲᠤᠰᠢᠶᠠᠯᠲᠠᠨ ᠤ ᠲᠦᠷᠢᠮ ᠢ ᠬᠡᠷᠡᠭᠵᠢᠭᠦᠯᠬᠦ ᠪᠣᠯ | ᠦᠢᠯᠡᠳᠬᠦᠨ ᠤ ︽ᠦᠢᠯᠡᠳᠬᠦ︾ ᠠᠴᠠ ︽ᠶᠠᠰᠤ ᠴᠢᠨᠠᠷ ᠤᠨ ᠡᠭᠦᠳᠦᠯᠲᠡ︾ ᠳᠠᠰᠢ ᠳᠠᠪᠰᠢᠬᠤ ᠶᠢ ᠠᠬᠢᠭᠤᠯᠬᠤ | ᠴᠢᠬᠤᠯᠠ ᠭᠠᠷᠳᠠᠴᠠ ᠮᠥᠨ᠂ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ᠂ | ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠲᠣᠭᠲᠠᠭᠠᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠶᠠᠰᠤ ᠴᠢᠨᠠᠷ ᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠶᠠᠰᠤ ᠴᠢᠨᠠᠷ ᠤᠨ ᠲᠡᠷᠢᠭᠦᠨ ᠤ ᠲᠤᠰᠢᠶᠠᠯᠲᠠᠨ ᠤ ᠲᠦᠷᠢᠮ ᠢ ᠦᠷᠭᠦᠯᠵᠢᠯᠡᠨ ᠪᠦᠷᠢᠨᠰᠢᠭᠦᠯᠦᠨ | ᠭᠦᠨᠵᠡᠭᠡᠶᠢᠷᠡᠭᠦᠯᠵᠦ᠂ ᠶᠠᠰᠤ ᠴᠢᠨᠠᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ᠂ ᠠᠵᠤ | ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠬᠦ᠂ ᠠᠵᠤ ᠠᠬᠤᠶᠢᠯᠠᠯ ᠤᠨ ᠶᠠᠰᠤ | ᠴᠢᠨᠠᠷ ᠤᠨ ᠬᠦᠷᠢᠶᠡᠨ ᠳᠠᠬᠢ ᠭᠤᠤᠯᠯᠠᠬᠤ ᠥᠷᠢᠰᠥᠯᠳᠦᠬᠦ ᠬᠦᠴᠦᠨ ᠢ ᠴᠢᠩᠭᠠᠷᠠᠭᠤᠯᠬᠤ ᠳᠤ ᠴᠢᠳᠠᠪᠤᠷᠢ ᠣᠯᠭᠤᠨ᠎ᠠ᠃ |