ᠤᠯᠠᠨᠪᠤᠯᠠᠭ‌‍ᠪᠠᠯᠭᠠᠰᠤ 2024 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/7
      ᠤᠶᠢᠷ᠎ᠠ ᠶᠢᠨ ᠡᠳᠦᠷ᠂  ᠤᠯᠠᠨᠪᠤᠯᠠᠭ ᠪᠠᠯᠭᠠᠰᠤ 2024 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ᠂ ᠨᠡᠶᠢᠭᠡᠮ ᠲᠣᠭᠤᠷᠢᠭ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠪᠠᠶᠢᠭᠤᠯᠭ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠢᠭᠡᠳᠦᠭᠡᠷ ᠱᠦᠵᠢ ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠡᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠯᠭᠠᠰᠤᠨ ᠤ ᠪᠠᠶᠢᠭᠤᠯᠤᠯᠭ᠎ᠠ ᠶᠢᠨ ᠨᠢᠭᠡᠳᠦᠭᠡᠷ᠂ ᠬᠤᠶᠠᠳᠤᠭᠠᠷ ᠨᠠᠮ ᠤᠨ ᠡᠭᠦᠷ᠂ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ᠂ ᠸᠠᠨ ᠴᠢᠤᠸᠠᠨ ᠺᠣᠮᠫᠠᠨᠢ ᠶᠢᠨ ᠨᠠᠮ ᠤᠨ ᠡᠭᠦᠷ ᠵᠡᠷᠭᠡ 7 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠬᠦ ᠪᠠᠶᠢᠳᠠᠯ ᠳᠤ ᠠᠭᠤᠰᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠭᠰᠡᠨ ᠪᠠᠶᠢᠳᠠᠯ ᠂ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠠᠢ᠃ ᠬᠤᠷᠠᠯ ᠠᠴᠠ ︽ᠨᠢᠭᠡ ᠲᠣᠭᠠᠴᠢᠵᠤ ᠨᠢᠭᠡ ᠦᠨᠡᠯᠡᠬᠦ︾ ᠠᠷᠭ᠎ᠠ ᠬᠡᠯᠪᠡᠷᠢ ᠶᠢ ᠠᠪᠴᠤ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠲᠤᠰ ᠲᠤᠰ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠪᠠᠶᠢᠳᠠᠯ ᠳᠤ ᠲᠤᠬᠠᠢ ᠶᠢᠨ ᠲᠠᠯᠠᠪᠠᠢ ᠶᠢᠨ ᠦᠨᠡᠯᠡᠯᠲᠡ ᠬᠢᠵᠡᠢ᠃      ᠪᠠᠯᠭᠠᠰᠤᠨ ᠤ ᠨᠠᠮ ᠤᠨ ᠬᠤᠷᠢᠶᠠᠨ ᠤ ᠱᠦᠵᠢ ᠱᠢ ᠯᠸᠢ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠪᠠ ᠡᠳᠦᠷ ᠲᠤᠲᠤᠮ ᠤᠨ ᠠᠵᠢᠯ ᠢ ᠥᠷᠨᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠯᠲᠡ ᠬᠢᠭᠰᠡᠨ ᠪᠥᠭᠡᠳ ᠲᠠᠷᠠᠭᠠᠴᠢ ᠶᠢᠨ ᠠᠯᠬᠤᠮ ᠳᠤ ᠨᠠᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠴᠢᠨᠠᠷ ᠰᠠᠶᠢᠲᠠᠶ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ  ᠦᠢᠯᠡᠳᠦᠯ ᠢ ᠪᠠᠳᠠᠷᠠᠭᠤᠯᠬᠤ ᠲᠤᠬᠠᠶ ᠭᠤᠷᠪᠠᠨ ᠱᠠᠭᠠᠷᠳᠠᠯᠭ᠎ᠠ ᠳᠤᠷᠠᠳᠴᠠᠶ᠃ ᠨᠢᠭᠡ ᠳᠤ᠂ ᠤᠯᠤᠰ ᠲᠦᠷᠦ ᠶᠢᠨ ᠵᠢᠯᠣᠭᠤᠳᠤᠮᠵᠢ ᠶᠢ ᠲᠤᠪᠤᠶᠢᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ ᠢ ᠴᠢᠩᠭᠠᠳᠬᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠥᠪ ᠴᠢᠩᠭ᠎ᠠ ᠪᠣᠯᠭᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠪᠦᠬᠦ ᠪᠠᠯᠭᠠᠰᠤᠨ ᠤ ᠠᠵᠢᠯ ᠳᠠᠬᠢ ᠶᠡᠷᠦᠩᠬᠡᠶᠢᠯᠡᠨ ᠵᠢᠯᠣᠭᠤᠳᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠲᠤᠰᠢᠶᠠᠯ ᠤᠨ ᠮᠡᠳᠡᠭᠦᠯᠦᠯᠲᠡ ᠬᠢᠬᠦ ᠠᠵᠢᠯ ᠤᠨ ᠠᠭᠤᠯᠤᠭᠳᠠᠬᠤᠨ ᠴᠢᠬᠤᠯᠠ ᠠᠭᠤᠯᠭ᠎ᠠ ᠶᠢ ᠲᠣᠳᠣᠷᠬᠠᠶᠢᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠭᠤᠣᠯ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠵᠠᠮᠴᠢᠯᠠᠭᠴᠢ︾ ᠶᠢᠨ ᠦᠢᠯᠡᠳᠦᠯ ᠢ ᠪᠠᠳᠠᠷᠠᠭᠤᠯᠵᠤ᠂ ᠪᠠᠭ ᠢ ᠪᠣᠳᠠᠲᠠᠢ ᠠᠳᠬᠤᠵᠤ᠂ ᠡᠩᠨᠡᠭᠡ ᠶᠢ ᠰᠠᠶᠢᠲᠤᠷ ᠳᠠᠭᠠᠭᠤᠯᠵᠤ᠂ ᠠᠵᠢᠯ ᠬᠢᠵᠦ ᠦᠢᠯᠡᠰ ᠪᠤᠰᠬᠠᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ ᠰᠢᠨ᠎ᠡ ᠳᠦᠷᠰᠦ ᠪᠠᠶᠢᠳᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠪᠠᠷ ᠬᠥᠲᠥᠯᠥᠨ ᠳᠠᠭᠠᠭᠤᠯᠬᠤ ᠪᠠ ᠦᠪᠡᠷᠮᠢᠴᠠ ᠣᠨᠴᠠᠯᠢᠭ ᠲᠠᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠪᠠᠲᠤ ᠴᠢᠩᠭ᠎ᠠ ᠬᠦᠴᠦᠲᠡᠶ ᠳᠠᠶᠢᠴᠢᠨ ᠬᠠᠮᠲᠤ ᠪᠠᠶᠢᠭᠤᠯᠬᠤ ᠬᠡᠷᠡᠭᠲᠡᠶ᠃ ᠭᠤᠷᠪᠠ ᠳᠤ᠂ ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠪᠠᠶᠢᠭᠤᠯᠭ᠎ᠠ ᠶᠢᠨ ᠨᠠᠮ ᠤᠨ ᠡᠭᠦᠷ ᠡᠯ᠎ᠡ ᠵᠦᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠬᠢᠵᠦ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠬᠢᠨᠠᠨ ᠰᠢᠯᠭᠠᠬᠤ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠵᠤ᠂ ᠰᠤᠷᠤᠯᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠵᠤ᠂ ᠲᠣᠪᠤᠶᠢᠮ᠎ᠠ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠵᠣᠬᠢᠶᠠᠨ ᠪᠠᠶᠢᠭᠤᠯᠤᠯᠲᠠ ᠲᠡᠷᠢᠭᠦᠨ ᠤ ᠲᠤᠷᠰᠢᠯᠭ᠎ᠠ ᠪᠠᠷ ᠴᠢᠳᠠᠮᠠᠭᠠᠶ ᠪᠠᠷ ᠲᠣᠯᠢ ᠪᠣᠯᠭᠠᠵᠤ᠂ ᠠᠵᠢᠯ ᠤᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠵᠠᠯᠠᠭᠤ ᠨᠠᠮ ᠤᠨ ᠭᠡᠰᠢᠭᠦᠨ ᠢ ᠬᠥᠭᠵᠢᠭᠦᠯᠬᠦ ᠪᠠ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠶ᠃ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠢᠨᠲ᠋ᠧᠷ ᠰᠦᠯᠵᠢᠶ᠎ᠡ ᠪᠣᠯᠤᠨ ᠤᠯᠠᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠬᠢᠯᠠᠰ ᠴᠡᠭ ᠢ ᠢᠯᠡᠷᠡᠭᠦᠯᠵᠦ᠂ ᠬᠡᠯᠡᠵᠦ ᠤᠯᠬᠤ ᠨᠢ ᠠᠯᠳᠠᠷᠲᠠᠢ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠴᠢᠷᠮᠠᠶᠢᠨ ᠡᠭᠦᠳᠬᠦ ᠬᠡᠷᠡᠭᠲᠡᠢ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号