ᠬᠠᠤᠯᠢ ᠴᠠᠭᠠᠵᠠ ᠨᠢ ︽ᠬᠠᠶᠢᠷ᠎ᠠ︾ ᠲᠠᠢ᠂ ᠡᠷᠬᠡ ᠪᠠᠨ ᠬᠠᠮᠠᠭᠠᠯᠠᠬᠤ ᠳᠤ ︽ᠬᠠᠷᠰᠢ ᠰᠠᠭᠠᠳ︾ ᠦᠭᠡᠢ ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠡᠮᠳᠡᠭᠴᠦᠳ ᠲᠤ ᠬᠤᠯᠪᠣᠭᠳᠠᠬᠤ ᠵᠢᠭᠤᠷᠠᠯᠳᠤᠭᠠᠨ ᠤ ᠵᠠᠷᠭᠤ ᠶᠢᠨ ᠦᠢᠯᠡᠴᠢᠯᠡᠭᠡᠨ ᠤ ᠥᠷᠲᠡᠭᠡ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/1/7
    ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠡᠮᠳᠡᠭᠴᠦᠳ ᠲᠤ ᠬᠤᠯᠪᠣᠭᠳᠠᠭᠰᠠᠨ ᠵᠢᠭᠤᠷᠠᠯᠳᠤᠭᠠᠨ ᠤ ᠵᠠᠷᠭᠤ ᠶᠢᠨ ᠦᠢᠯᠡᠴᠢᠯᠡᠭᠡᠨ ᠤ ᠥᠷᠲᠡᠭᠡ ᠵᠢᠩᠬᠢᠨᠢ ᠪᠠᠷ ᠪᠠᠶᠢᠭᠤᠯᠤᠭᠳᠠᠪᠠ᠃
    ᠶᠣᠰᠣᠯᠠᠯ ᠳᠡᠭᠡᠷ᠎ᠡ᠂  ᠣᠷᠣᠨ ᠤ  ᠠᠷᠠᠳ ᠤᠨ ᠰᠢᠭᠦᠬᠦ ᠬᠤᠷᠢᠶ᠎ᠠ ᠪᠣᠯᠤᠨ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠬᠠᠮᠲᠤ ᠪᠠᠷ ᠫᠠᠶᠢᠰᠠ ᠰᠡᠬᠦᠬᠦ ᠶᠢᠨ ᠬᠠᠮᠲᠤ ᠡᠶᠡᠳᠡᠭᠦᠯᠦᠭᠴᠢ ᠳᠤ ᠤᠷᠢᠵᠤ ᠬᠡᠷᠡᠭᠯᠡᠬᠦ ᠦᠨᠡᠮᠯᠡᠯ ᠣᠯᠭᠤᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠬᠦᠨᠳᠦᠲᠦ ᠵᠣᠴᠢᠳ ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠲᠥᠪ ᠪᠣᠯᠤᠨ ᠰᠣᠶᠣᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠣᠭᠤᠷᠢᠨ ᠦᠵᠡᠵᠦ᠂  ᠤᠷᠤᠨ ᠤ ᠬᠠᠤᠯᠢ ᠴᠠᠭᠠᠵᠠ ᠶᠢᠨ ᠵᠡᠮᠳᠡᠭᠴᠦᠳ ᠲᠤ ᠬᠤᠯᠪᠣᠭᠳᠠᠬᠤ ᠵᠠᠭᠤᠷᠠᠯᠳᠤᠭᠠᠨ ᠤ ᠨᠡᠩ ᠣᠳᠣᠬᠢᠴᠢᠯᠠᠭᠰᠠᠨ᠂ ᠬᠥᠮᠦᠨᠴᠢᠯᠡᠭᠰᠡᠨ᠂ ᠥᠨᠳᠥᠷ ᠪᠦᠲᠦᠮᠵᠢᠲᠡᠢ ᠳᠥᠭᠦᠮ ᠳᠥᠲᠡ ᠦᠢᠯᠡᠴᠢᠯᠡᠭᠡ ᠶᠢ ᠣᠶᠢᠯᠠᠭᠠᠪᠠ᠃    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠠᠷᠠᠳ ᠤᠨ ᠵᠣᠪᠠᠭᠤᠷᠢ ᠶᠢ ᠠᠷᠢᠯᠭᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭ᠎ᠠ ᠶᠢ ᠠᠷᠭᠠᠴᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠣᠶᠢᠯᠠᠭᠠᠭᠳᠠᠬᠤᠨ ᠢ ᠪᠠᠷᠢᠮᠲᠠᠯᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠶ ᠡᠬᠢ ᠪᠠᠶᠠᠯᠢᠭ ᠢ ᠤᠯᠠᠮ ᠨᠢᠭᠡ ᠠᠯᠬᠤᠮ ᠲᠥᠪᠯᠡᠷᠡᠭᠦᠯᠦᠨ᠂ ᠣᠯᠠᠨ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠠᠯᠬᠤᠮ ᠠᠯᠬᠤᠮ ᠢᠶᠠᠷ ᠬᠠᠤᠯᠢ ᠴᠠᠭᠠᠵᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠷᠢᠨ ᠬᠠᠭᠤᠳᠠᠰᠤ ᠪᠣᠯᠭᠠᠨ ᠬᠤᠪᠢᠷᠠᠭᠤᠯᠤᠨ᠎ᠠ᠃      ᠵᠡᠮᠳᠡᠭᠴᠦᠳ ᠲᠤ ᠬᠤᠯᠪᠣᠭᠳᠠᠬᠤ ᠵᠢᠭᠤᠷᠠᠯᠳᠤᠭᠠᠨ ᠤ ᠵᠠᠷᠭᠤ ᠶᠢᠨ ᠦᠢᠯᠡᠴᠢᠯᠡᠭᠡᠨ ᠤ ᠦᠷᠳᠡᠭᠡ ᠶᠢᠨ ᠪᠠᠶᠢᠭᠤᠯᠤᠭᠳᠠᠭᠰᠠᠨ ᠨᠢ ᠤᠷᠤᠨ ᠤ ᠠᠷᠠᠳ ᠤᠨ ᠰᠢᠭᠦᠬᠦ ᠬᠤᠷᠢᠶ᠎ᠠ ᠪᠣᠯᠤᠨ‌ᠤᠷᠤᠨ ᠤ  ᠵᠡᠮᠳᠡᠭᠴᠦᠳ ᠤᠨ ᠬᠤᠯᠪᠣᠭ᠎ᠠ ᠶᠢᠨ ᠬᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠬᠦ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ  ᠴᠢᠬᠤᠯᠠ ᠨᠢᠭᠡ ᠠᠯᠬᠤᠮ ᠪᠣᠯᠤᠨ᠎ᠠ᠃ ᠦᠢᠯᠡᠴᠢᠯᠡᠭᠡᠨ ᠤ ᠥᠷᠲᠡᠭᠡ ᠠᠴᠠ ᠬᠠᠩᠭᠠᠭᠰᠠᠨ ᠣᠯᠠᠨ ᠡᠰᠢᠲᠦ᠂ ᠳᠥᠭᠦᠮ ᠳᠥᠲᠡ᠂ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠪᠠᠲᠤᠯᠠᠭ᠎ᠠ ᠨᠢ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠣᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号