ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠤᠨ ᠰᠠᠨᠠᠭ᠎ᠠ ᠶᠢ ᠣᠶᠢᠯᠠᠭᠠᠨ᠎ᠠ ︱ ᠲᠣᠭᠤᠭᠠᠨᠪᠣᠯᠠᠭ ᠪᠠᠯᠭᠠᠰᠤ ᠴᠠᠭᠠᠨ ᠰᠠᠷ᠎ᠠ ᠠᠴᠠ ᠡᠮᠦᠨᠡᠬᠢ ᠬᠢᠨᠠᠨ ᠬᠡᠮᠵᠢᠬᠦ ᠡᠷᠦᠬᠡ ᠶᠢ ᠲᠣᠬᠤᠨᠢᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/2/12
    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠥᠷᠭᠡᠳᠬᠡᠨ ᠬᠥᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠠᠶᠤᠯ ᠠᠴᠠ ᠠᠪᠤᠷᠠᠵᠤ ᠬᠦᠴᠢᠷᠳᠡᠯ ᠢ ᠲᠡᠳᠬᠦᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠠᠲᠤᠳᠬᠠᠨ ᠥᠷᠭᠡᠳᠬᠡᠬᠦ ᠶᠢᠨ ᠲᠥᠯᠥᠭᠡ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠴᠢᠨᠠᠭᠰᠢᠳᠠ ᠪᠠᠲᠤᠯᠠᠬᠤ ᠬᠡᠷᠡᠭᠲᠡᠢ᠃ ᠣᠶᠢᠷ᠎ᠠ ᠳᠤ᠂ ᠲᠣᠭᠤᠭᠠᠨᠪᠣᠯᠠᠭ ᠪᠠᠯᠭᠠᠰᠤᠨ ᠤ ᠤᠳᠤᠷᠢᠳᠤᠯᠭ᠎ᠠ ᠲᠣᠰ ᠲᠣᠰ ᠪᠦᠯᠬᠦᠮ ᠳᠠᠭᠠᠭᠤᠯᠤᠨ ᠴᠠᠭᠠᠨ ᠰᠠᠷ᠎ᠠ   ᠠᠴᠠ ᠡᠮᠦᠨᠡᠬᠢ ᠬᠢᠨᠠᠨ ᠬᠡᠮᠵᠢᠬᠦ ᠡᠷᠦᠬᠡ   ᠶᠢ ᠲᠣᠬᠤᠨᠢᠭᠤᠯᠬᠤ ᠠᠵᠢᠯ   ᠢ ᠥᠷᠨᠢᠭᠦᠯᠪᠡ᠃
   ᠲᠣᠬᠤᠨᠢᠭᠤᠯᠬᠤ ᠳᠤᠭᠤᠶᠢᠯᠠᠩ ᠤᠨ ᠬᠢᠨ ᠬᠢᠨᠠᠨ ᠰᠢᠯᠭᠠᠬᠤ ᠡᠷᠦᠬᠡ ᠶᠢᠨ ᠭᠡᠷ ᠲᠤ ᠬᠦᠷᠴᠦ ᠬᠢᠨᠠᠨ ᠰᠢᠯᠭᠠᠬᠤ ᠡᠷᠦᠬᠡ ᠶᠢᠨ ᠠᠮᠢᠳᠤᠷᠠᠯ ᠤᠨ ᠨᠥᠬᠦᠴᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠢᠨᠠᠨ ᠰᠢᠯᠭᠠᠬᠤ ᠡᠷᠦᠬᠡ ᠳᠤ ᠲᠤᠲᠤᠷᠭ᠎ᠠ ᠭᠤᠯᠢᠷ ᠲᠣᠰᠣ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠬᠦᠷᠭᠡᠵᠦ᠂ ᠡᠭᠦᠨ ᠤ ᠬᠠᠮᠲᠤ ᠬᠢᠨᠠᠨ ᠰᠢᠯᠭᠠᠬᠤ ᠡᠷᠦᠬᠡ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠬᠢᠨᠠᠨ ᠰᠢᠯᠭᠠᠬᠤ ᠡᠷᠦᠬᠡ ᠶᠢᠨ ᠣᠳᠣᠬᠠᠨ ᠤ ᠭᠡᠷ ᠪᠦᠯᠢ ᠶᠢᠨ ᠣᠷᠣᠯᠭ᠎ᠠ᠂ ᠡᠷᠡᠭᠦᠯ ᠮᠡᠨᠳᠦ ᠶᠢᠨ ᠪᠠᠶᠢᠳᠠᠯ ᠪᠠ ᠡᠮᠴᠢᠯᠡᠭᠡᠨ ᠤ ᠲᠠᠩᠰᠠ ᠲᠠᠶᠢᠯᠬᠤ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠲᠡᠳᠡᠨ ᠤ ᠤᠯᠤᠰ ᠤᠨ ᠲᠥᠷᠥ ᠶᠢᠨ ᠪᠣᠳᠣᠯᠭ᠎ᠠ᠂ ᠡᠮ ᠡᠮᠨᠡᠯᠭᠡ ᠶᠢᠨ ᠳᠠᠭᠠᠳᠬᠠᠯ᠂ ᠠᠵᠢᠯ ᠬᠥᠳᠡᠯᠮᠦᠷᠢ ᠬᠢᠵᠦ ᠠᠵᠢᠯ ᠣᠯᠭᠤᠬᠤ ᠵᠡᠷᠭᠡ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠣᠶᠢᠯᠠᠭᠠᠵᠤ᠂ ᠲᠡᠳᠡᠨ ᠤ ᠢᠲᠡᠭᠡᠯ ᠵᠣᠷᠢᠭ ᠢᠶᠠᠨ ᠪᠠᠲᠤᠳᠬᠠᠨ᠂ ᠥᠪᠡᠷ ᠤᠨ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠨᠠᠩ ᠰᠠᠶᠢᠨ ᠰᠠᠶᠢᠬᠠᠨ ᠠᠮᠢᠳᠤᠷᠠᠯ ᠵᠦᠭ ᠴᠢᠷᠮᠠᠶᠢᠨ ᠤᠷᠤᠭᠰᠢᠯᠠᠬᠤ ᠶᠢ ᠵᠣᠷᠢᠭᠵᠢᠭᠤᠯᠵᠠᠢ᠃
    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠢᠨᠠᠨ ᠰᠢᠯᠭᠠᠬᠤ ᠡᠷᠦᠬᠡ ᠳᠤ ᠡᠳ᠋ ᠪᠣᠳᠠᠰ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠬᠢ ᠲᠠᠶᠢᠳᠬᠤᠷᠠᠭᠤᠯᠤᠯ ᠪᠠ ᠵᠣᠷᠢᠭᠵᠢᠭᠤᠯᠤᠯ ᠢ ᠳᠠᠮᠵᠢᠭᠤᠯᠵᠤ᠂ ᠲᠡᠳᠡᠨ ᠳᠤ ᠬᠠᠬᠢᠷ ᠡᠪᠦᠯ ᠤᠨ ᠤᠯᠠᠷᠢᠯ ᠳᠤ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠬᠦᠷᠲᠡᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠂ ᠲᠣᠭᠤᠭᠠᠨᠪᠣᠯᠠᠭ ᠪᠠᠯᠭᠠᠰᠤ ᠶᠢᠨ ᠬᠢᠨ ᠦᠷᠭᠦᠯᠵᠢᠯᠡᠨ ᠠᠷᠠᠳ ᠤᠨ ᠪᠤᠳᠤᠯ ᠢ ᠪᠤᠳᠤᠵᠤ᠂ ᠠᠷᠠᠳ ᠤᠨ ᠲᠥᠯᠥᠭᠡ ᠰᠠᠨᠠᠭᠠᠰᠢᠷᠠᠵᠤ᠂ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠨᠡᠩ ᠶᠡᠭᠡ ᠬᠠᠯᠠᠭᠤᠨ ᠰᠡᠳᠬᠢᠯᠭᠡ᠂ ᠨᠡᠩ ᠤᠯᠠᠨ ᠠᠷᠭ᠎ᠠ ᠬᠡᠯᠪᠡᠷᠢ ᠪᠠᠷ ᠠᠷᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠤ ᠨᠢᠭᠡ ᠬᠥᠮᠥᠨ ᠴᠦ ᠬᠤᠴᠣᠷᠬᠤ ᠦᠭᠡᠢ ᠪᠠᠶᠢᠬᠤ ᠶᠢ ᠪᠠᠲᠤᠯᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号