ᠲᠡᠭᠡᠳᠣ ᠰᠢᠨ᠎ᠠ ᠮᠡᠷᠭᠡᠵᠢᠯ ᠤᠨ ᠬᠤᠪᠣᠷ ᠰᠢᠷᠣᠢ ᠶᠢᠨ ᠣᠷᠣᠨ ᠳᠤ ᠬᠦᠨ ᠦᠨᠳᠦᠰᠦᠯᠡᠵᠣ ᠬᠤᠪᠣᠷ ᠰᠢᠷᠣᠢ ᠶᠢᠨ | ᠰᠢᠨ᠎ᠠ ᠮᠡᠷᠭᠡᠵᠢᠯ ᠤᠨ ᠣᠷᠣᠨ ᠳᠤ ᠲᠣᠯᠭᠠᠭᠤᠷ ᠬᠦᠴᠨ ᠪᠣᠯᠵᠣ ᠪᠤᠭᠤᠲᠤ ᠶᠢᠨ ᠲᠡᠷᠢᠭᠦᠨ ᠳᠤ ᠣᠷᠣᠬᠤ ᠪᠠᠷ ᠴᠢᠷᠮᠠᠶᠢᠨ | ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠨᠡᠭᠡᠭᠡᠬᠦ ᠬᠤᠰᠢᠭᠤᠴᠢ ᠪᠣᠯᠣᠶ᠎ᠠ | ︱ ︱ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠨᠠᠮ ᠤᠨ ᠠᠵᠢᠯ ᠤᠨ ᠬᠤᠷᠢᠶ᠎ᠠ ᠶᠢᠨ ᠱᠦᠵᠢ ᠭᠤᠸ ᠶᠦᠩ ᠢ ᠰᠤᠷᠪᠤᠯᠵᠢᠯᠠᠭᠰᠠᠨ ᠨᠢ | ︽ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠠ | ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠵᠢᠴᠢ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ 2025 ᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ 5000 | ᠳ᠋ᠦᠩᠰᠢᠭᠤᠷ ᠲᠥᠭᠦᠷᠢᠭ ᠲᠤ ᠬᠦᠷᠭᠡᠬᠦ ᠬᠠᠷᠠᠯᠲᠠ ᠶᠢ ᠲᠣᠳᠣᠷᠬᠠᠶᠢᠯᠠᠨ ︿ᠲᠤᠯᠤᠭᠠᠨ ᠲᠠᠯ᠎ᠠ ᠪᠠᠷ ᠦᠷᠭᠦᠯᠵᠢᠯᠡᠨ ᠬᠦᠴᠦᠯᠡᠬᠦ﹀ | ᠠᠵᠢᠯ ᠤᠨ ᠪᠠᠶᠢᠷᠢᠯᠠᠭᠤᠯᠤᠯᠲᠠ ᠬᠢᠵᠦ᠂ ᠪᠦᠬᠦ ᠬᠤᠳᠠ ᠶᠢᠨ ᠵᠠᠭᠤᠨ ᠬᠦᠴᠦᠷᠬᠡᠭ ᠬᠤᠳᠠ ᠶᠢᠨ ᠳᠤᠮᠳᠠ ᠦᠷᠭᠦᠯᠵᠢᠯᠡᠨ | ᠣᠷᠣᠨ ᠪᠠᠶᠢᠷᠢ ᠳᠠᠪᠰᠢᠬᠤ ᠳᠤ ᠢᠲᠡᠭᠡᠯ ᠵᠣᠷᠢᠭ ᠢ ᠪᠠᠲᠤᠳᠬᠠᠵᠤ᠂ ᠣᠮᠤᠭ ᠵᠣᠷᠢᠭ ᠢ ᠬᠦᠪᠴᠢᠯᠡᠨ ᠴᠢᠭᠯᠡᠯ ᠢ ᠲᠣᠳᠣᠷᠬᠠᠢ | ᠵᠢᠭᠠᠵᠤ ᠥᠭᠴᠡᠢ︾ ᠭᠡᠵᠦ ᠵᠢᠭᠠᠵᠤ ᠭᠠᠷᠭᠠᠪᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠨᠠᠮ ᠤᠨ ᠠᠵᠢᠯ ᠤᠨ ᠬᠤᠷᠢᠶ᠎ᠠ ᠶᠢᠨ ᠱᠦᠵᠢ ᠭᠤᠣ ᠶᠦᠩ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ | ᠤᠨ ᠭᠤᠣᠯ ᠵᠢᠭᠰᠠᠭᠠᠯ ᠤᠨ ᠭᠠᠵᠠᠷ ᠢ ᠪᠦᠲᠦᠭᠡᠨ ᠪᠠᠶᠢᠭᠤᠯᠬᠤ ᠡᠭᠦᠷᠭᠡ ᠶᠢ ᠡᠷᠡᠰ ᠡᠭᠦᠷᠭᠡᠯᠡᠵᠦ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠦᠨᠡᠨᠬᠦ ᠠᠳᠬᠤᠨ ᠪᠣᠳᠠᠲᠠᠢ ᠪᠠᠷ ᠠᠵᠢᠯᠯᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠᠲᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠡᠮᠦᠨ᠎ᠡ 60 | ᠬᠦᠴᠦᠷᠬᠡᠭ ᠲᠤ ᠪᠥᠬᠦ ᠲᠠᠯ᠎ᠠ ᠪᠠᠷ ᠣᠷᠣᠵᠤ᠂ ᠪᠥᠬᠦ ᠤᠯᠤᠰ ᠤᠨ ᠲᠡᠷᠢᠭᠦᠨ ᠤ᠂ ᠬᠤᠪᠣᠷ ᠰᠢᠷᠣᠢ ᠪᠠᠷ ᠭᠤᠣᠯᠯᠠᠬᠤ | ᠳᠠᠪᠠᠭᠤᠯᠢᠭ ᠠᠵᠤ ᠦᠢᠯᠡᠰ ᠪᠣᠯᠭᠠᠭᠰᠠᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠴᠢᠷᠮᠠᠶᠢᠨ | ᠪᠠᠶᠢᠭᠤᠯᠤᠨ᠎ᠠ ᠭᠡᠪᠠ᠃ | ᠭᠤᠸ ᠶᠦᠩ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠠᠵᠤ | ᠠᠬᠤᠢ ᠶᠢᠨ ᠲᠣᠭᠲᠠᠭᠤᠨ ᠢᠶᠠᠷ ᠬᠥᠭᠵᠢᠬᠦ ᠶᠢᠨ ᠲᠣᠭᠤᠷᠢᠨ ᠳᠤ ︽ᠬᠡᠮᠵᠢᠶ᠎ᠡ ᠪᠠᠨ ᠥᠷᠭᠡᠳᠬᠡᠬᠦ︾ ᠠᠵᠢᠯᠯᠠᠭ᠎ᠠ | ᠥᠷᠨᠢᠭᠦᠯᠦᠨ᠎ᠡ᠃ ᠲᠥᠪ ᠤᠨ ︽ᠬᠤᠶᠠᠷ ᠰᠢᠨ᠎ᠡ︾ ᠶᠢᠨ ᠬᠦᠴᠦᠯᠡᠴᠡ ᠶᠢ ᠨᠡᠮᠡᠭᠳᠡᠭᠦᠯᠬᠦ᠂ ︽ᠬᠤᠶᠠᠷ ᠰᠢᠨ᠎ᠡ︾ ᠶᠢᠨ | ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠰᠢᠭᠲᠠᠢ ᠲᠠᠯ᠎ᠠ ᠶᠢ ᠠᠳᠬᠤᠵᠤ᠂ ᠠᠵᠤ ᠦᠢᠯᠡᠰ ᠤᠨ ᠢᠵᠢ | ᠪᠦᠷᠢᠳᠦᠭᠦᠯᠦᠨ ᠥᠷᠲᠡᠭ ᠨᠡᠮᠡᠭᠳᠡᠭᠦᠯᠬᠦ ᠶᠢᠨ ᠲᠣᠭᠤᠷᠢᠨ ᠳᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠲᠣᠪᠤᠶᠢᠯᠭᠠᠨ | ᠂ ᠬᠠᠳᠠᠭᠠᠯᠠᠯᠲᠠ ᠶᠢᠨ ᠬᠡᠮᠵᠢᠶ᠎ᠡ ᠶᠢ ᠴᠢᠩᠭᠠᠳᠬᠠᠵᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠨ᠎ᠡ᠃ ᠬᠤᠪᠣᠷ ᠰᠢᠷᠣᠢ ᠶᠢᠨ | ᠠᠵᠤ ᠦᠢᠯᠡᠰ ᠤᠨ ᠲᠠᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠢ | ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ᠂ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ᠂ ᠺᠧ | ᠲᠢᠶᠠᠨ ᠰᠣᠷᠢᠨᠵᠢᠨ ᠤ ᠦᠢᠯᠡᠰ ᠵᠡᠷᠭᠡ ᠲᠥᠷᠥᠯ ᠵᠦᠢᠯ ᠤᠨ ᠴᠢᠳᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ︽ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ + ᠬᠡᠷᠡᠭᠯᠡᠯᠲᠡ︾ ᠶᠢᠨ ᠡᠪᠴᠡᠯᠳᠦ ᠠᠵᠤ ᠦᠢᠯᠡᠰ ᠢ | ᠲᠦᠷᠭᠡᠨ ᠲᠠᠲᠠᠵᠤ᠂ ᠬᠤᠪᠣᠷ ᠰᠢᠷᠣᠢ ᠶᠢᠨ ᠰᠣᠷᠢᠨᠵᠢᠨᠲᠤ ᠮᠠᠲ᠋ᠧᠷᠢᠶᠠᠯ ᠢ ᠦᠢᠯᠡᠳᠪᠦᠷᠢᠯᠡᠬᠦ ᠠᠴᠠ ᠬᠤᠪᠣᠷ ᠰᠢᠷᠣᠢ ᠶᠢᠨ | ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠢ ᠬᠡᠷᠡᠭᠯᠡᠬᠦ ᠬᠦᠷᠲᠡᠯᠡᠬᠢ ᠪᠦᠷᠢᠨ ᠪᠦᠲᠦᠨ ᠬᠡᠯᠬᠢᠶᠡᠰᠦ ᠶᠢ ᠪᠣᠶ ᠪᠣᠯᠭᠠᠨ᠎ᠠ᠃ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠨᠡᠪᠴᠢᠭᠦᠯᠦᠨ ᠬᠥᠭᠵᠢᠭᠦᠯᠵᠦ᠂ ᠤᠯᠠᠨ | ᠡᠰᠢᠲᠦ ᠬᠡᠷᠡᠭᠯᠡᠭᠡᠨ ᠤ ᠠᠬᠤᠢ ᠪᠠᠶᠢᠳᠠᠯ ᠢ ᠨᠡᠭᠡᠭᠡᠨ᠎ᠡ ᠭᠡᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠠᠵᠤ ᠠᠬᠤᠢ ᠶᠢᠨ ᠬᠥᠭᠵᠢᠯᠲᠡ ᠶᠢ ᠬᠥᠲᠥᠯᠥᠨ | ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠃ ᠭᠤᠸ ᠶᠦᠩ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠣᠭᠤᠷᠢᠨ ᠳᠤ ︽ | ᠡᠨᠧᠷᠭᠢ ᠣᠯᠭᠤᠬᠤ︾ ᠠᠵᠢᠯᠯᠠᠭ᠎ᠠ ᠥᠷᠨᠢᠭᠦᠯᠦᠨ᠎ᠡ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠤᠨ | ᠲᠣᠭᠲᠠᠴᠠ ᠶᠢ ᠰᠢᠯᠢᠳᠡᠭᠵᠢᠭᠦᠯᠵᠦ᠂ ᠣᠷᠣᠭᠤᠯᠤᠯᠲᠠ ᠶᠢᠨ ᠡᠷᠴᠢᠮ ᠢ 3.6% ᠳᠤ ᠬᠦᠷᠭᠡᠬᠦ ᠪᠠᠷ ᠴᠢᠷᠮᠠᠶᠢᠨ᠎ᠠ᠃ ᠰᠢᠨ᠎ᠡ ᠶᠢ | ᠡᠭᠦᠳᠬᠦ ᠭᠤᠣᠯ ᠴᠣᠭᠴᠠ ᠶᠢᠨ ᠱᠠᠲᠤᠴᠢᠯᠠᠨ ᠪᠣᠶᠢᠵᠢᠭᠤᠯᠬᠤ ᠰᠢᠰᠲ᠋ᠧᠮᠵᠢ ᠶᠢ ᠪᠠᠬᠢᠵᠢᠭᠦᠯᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠢ 100 ᠠᠴᠠ ᠳᠤᠲᠠᠭᠤ ᠦᠭᠡᠢ ᠪᠠᠶᠢᠯᠭᠠᠵᠤ᠂ ᠲᠤᠰᠬᠠᠢ ᠨᠠᠷᠢᠯᠢᠭ ᠣᠨᠴᠠ ᠰᠢᠨ᠎ᠡ ᠠᠵᠤ | ᠠᠬᠤᠶᠢᠯᠠᠯ ᠢ 10 ᠠᠴᠠ ᠳᠡᠭᠡᠭᠰᠢ ᠪᠠᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ᠂ | ᠪᠥᠬᠦᠩ ᠠᠵᠤ ᠠᠬᠤᠶᠢᠯᠠᠯ ᠢ 5 ᠣᠷᠣᠭᠤᠯᠤᠨ ᠠᠪᠴᠢᠷᠠᠵᠤ᠂ ᠯᠦ ᠴᠧᠩ ᠲᠤᠷᠰᠢᠯᠲᠠ ᠶᠢᠨ ᠲᠠᠰᠤᠭ ᠢ ᠬᠠᠪᠰᠤᠷᠤᠨ | ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠡᠭᠦᠳᠦᠨ ᠪᠠᠶᠢᠭᠤᠯᠤᠨ᠎ᠠ᠃ | ᠣᠷᠣᠨ ᠪᠦᠰᠡ ᠠᠯᠤᠰᠯᠠᠭᠰᠠᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠲᠤᠨ ᠭᠤᠣᠯ ᠳᠠᠭᠠᠤ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠤᠩᠭᠢᠯ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠨ᠂ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠪᠣᠷ ᠰᠢᠷᠣᠢ ᠶᠢᠨ ᠠᠵᠤ ᠦᠢᠯᠡᠰ ᠤᠨ ᠬᠠᠮᠵᠢᠯᠴᠠᠨ | ᠰᠢᠨ᠎ᠡ ᠶᠢ ᠡᠭᠦᠳᠬᠦ ᠲᠣᠣᠷ ᠰᠦᠯᠵᠢᠶ᠎ᠡ ᠶᠢ ᠲᠦᠷᠦᠭᠦᠯᠡᠨ ᠪᠠᠶᠢᠭᠤᠯᠤᠨ᠎ᠠ᠃ ᠦᠷ᠎ᠡ ᠪᠦᠲᠦᠭᠡᠯ ᠢ ᠤᠯᠠᠷᠢᠭᠤᠯᠤᠨ | ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠳᠡᠭᠡᠳᠦ ᠲᠠᠰ ᠤᠨ ᠬᠤᠪᠣᠷ ᠰᠢᠷᠣᠢ ᠶᠢᠨ ᠴᠢᠳᠠᠮᠵᠢᠲᠤ | ᠮᠠᠲ᠋ᠧᠷᠢᠶᠠᠯ ᠤᠨ ᠲᠤᠷᠰᠢᠯᠲᠠ ᠶᠢᠨ ᠲᠠᠪᠴᠠᠩ ᠢ ᠴᠢᠷᠮᠠᠶᠢᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠡᠭᠦᠷᠭᠡ ᠶᠢ ᠢᠳᠡᠪᠬᠢᠲᠡᠢ ᠳᠠᠭᠠᠭᠠᠨ ᠠᠪᠴᠤ᠂ ︽ᠳᠡᠭᠡᠳᠦ︾ ᠪᠠ ︽ᠰᠢᠨ᠎ᠡ︾ ᠳᠡᠭᠡᠷ᠎ᠡ ᠨᠠᠩ ᠶᠡᠭᠡ | ᠰᠢᠪᠲᠤᠯᠤᠯᠲᠠ ᠲᠠᠢ ᠪᠣᠯᠭᠠᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠲᠣᠭᠤᠷᠢᠨ ᠳᠤ᠂ ︽ᠡᠭᠦᠳᠡ ᠲᠣᠭᠰᠢᠬᠤ︾ ᠠᠵᠢᠯᠯᠠᠭ᠎ᠠ ᠶᠢ | ᠥᠷᠨᠢᠭᠦᠯᠦᠨ᠎ᠡ᠃ ᠭᠤᠤ ᠶᠦᠩ᠂ ᠲᠦᠷᠦᠯ ᠵᠦᠢᠯ ᠤᠨ ᠲᠤᠬᠠᠢ ᠢᠯᠭᠠᠨ ᠲᠠᠨᠢᠬᠤ ᠴᠢᠳᠠᠪᠤᠷᠢ ᠪᠣᠯᠣᠨ ᠠᠩᠬᠠᠷᠤᠯ ᠢᠶᠠᠨ | ᠲᠥᠪᠯᠡᠷᠡᠭᠦᠯᠬᠦ ᠴᠢᠳᠠᠪᠤᠷᠢ ᠶᠢ ᠴᠢᠩᠭᠠᠳᠬᠠᠵᠤ᠂ ᠭᠤᠣᠯᠯᠠᠬᠤ ᠠᠵᠤ ᠦᠢᠯᠡᠰ᠂ ᠰᠢᠨ᠎ᠡ ᠠᠵᠤ ᠦᠢᠯᠡᠰ᠂ ᠢᠷᠡᠭᠡᠳᠦᠢ ᠶᠢᠨ | ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠨ ᠲᠣᠮᠣ ᠠᠷᠠᠯᠵᠢᠶᠠᠴᠢᠨ ᠤᠷᠢᠬᠤ ᠶᠢ | ᠶᠡᠬᠡᠪᠡᠷ ᠠᠳᠬᠤᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠠᠷᠠᠯᠵᠢᠶᠠᠴᠢᠨ ᠤᠷᠢᠬᠤ ᠶᠠᠰᠤ ᠴᠢᠨᠠᠷ ᠢ | ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ ᠲᠣᠨᠣᠭᠯᠠᠯ ᠵᠡᠷᠭᠡ | ᠢᠷᠡᠭᠡᠳᠦᠢ ᠶᠢᠨ ᠠᠵᠤ ᠦᠢᠯᠡᠰ᠂ ᠬᠥᠩᠭᠡᠨ ᠴᠠᠭᠠᠨ ᠵᠡᠰ ᠢ ᠨᠠᠷᠢᠯᠢᠭ ᠡᠳ᠋ᠰᠢᠭᠦᠯᠬᠦ ᠵᠡᠷᠭᠡ ᠤᠯᠠᠮᠵᠢᠯᠠᠯᠲᠤ ᠠᠵᠤ ᠦᠢᠯᠡᠰ ᠤᠨ | ᠳᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠢ ᠢᠳᠡᠪᠬᠢᠲᠡᠢ ᠲᠠᠲᠠᠵᠤ ᠠᠪᠴᠢᠷᠠᠨ᠎ᠠ ᠭᠡᠵᠦ ᠬᠡᠯᠡᠪᠡ᠃ ᠬᠥᠲᠥᠴᠢ | ᠬᠤᠳᠠᠯᠳᠤᠭᠠᠴᠢᠨ ᠤᠷᠢᠬᠤ᠂ ᠵᠠᠬᠢᠶᠠᠯᠠᠭ᠎ᠠ ᠶᠢᠨ ᠬᠠᠭᠤᠳᠠᠰᠤ ᠪᠠᠷ ᠬᠤᠳᠠᠯᠳᠤᠭᠠᠴᠢᠨ ᠤᠷᠢᠬᠤ ᠵᠡᠷᠭᠡ ᠵᠠᠭᠪᠤᠷ ᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽ᠭᠡᠷ ᠤᠨ ᠡᠭᠦᠳᠡᠨ ᠳᠠᠬᠢ ᠬᠤᠳᠠᠯᠳᠤᠭᠠᠴᠢᠨ ᠤᠷᠢᠬᠤ︾ ᠳᠤ ᠰᠠᠶᠢᠲᠤᠷ | ᠦᠢᠯᠡᠴᠢᠯᠡᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠳᠲᠡᠷ ᠲᠦᠷᠭᠡᠨ ᠢᠶᠠᠷ ᠨᠠᠶᠢᠳᠠᠪᠤᠷᠢᠵᠢᠭᠤᠯᠵᠤ᠂ | ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠭᠠᠷᠤᠯᠲᠠ ᠶᠢ ᠲᠣᠭᠲᠠᠪᠤᠷᠢᠵᠢᠭᠤᠯᠤᠨ ᠴᠢᠳᠠᠪᠤᠷᠢ ᠶᠢ ᠥᠷᠭᠡᠳᠬᠡᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠣᠭᠤᠷᠢᠨ ᠳᠤ᠂ ︽ᠠᠵᠤ ᠠᠬᠤᠶᠢᠯᠠᠯ ᠢ ᠲᠤᠰᠠᠯᠠᠬᠤ︾ | ᠠᠵᠢᠯᠯᠠᠭ᠎ᠠ ᠶᠢ ᠥᠷᠨᠢᠭᠦᠯᠦᠨ᠎ᠡ᠃ ᠭᠤᠸ ᠶᠦᠩ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠨᠢ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠠᠵᠤ ᠦᠢᠯᠡᠰ ᠤᠨ ᠠᠮᠢ ᠠᠬᠤᠢ᠂ ᠬᠠᠤᠯᠢ ᠪᠠᠷ | ᠵᠠᠰᠠᠬᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ ︽ᠭᠤᠷᠪᠠ ᠳᠤ ᠪᠠᠶᠢᠬᠤ︾ ᠲᠥᠷᠥᠯ ᠵᠦᠢᠯ ᠤᠨ ᠪᠥᠬᠦ ᠦᠶᠡᠯᠡᠯ ᠤᠨ ᠬᠤᠭᠤᠴᠠᠭᠠᠨ ᠤ | ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ︽ᠬᠤᠶᠠᠷ ᠢ ᠡᠷᠢᠬᠦ︾ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠠᠵᠤ ᠠᠬᠤᠶᠢᠯᠠᠯ ᠢ ᠳᠡᠮᠵᠢᠨ ᠠᠵᠤ ᠠᠬᠤᠶᠢᠯᠠᠯ ᠤᠨ ᠬᠥᠭᠵᠢᠯᠲᠡ ᠳᠤ ᠠᠰᠢᠭ ᠬᠦᠷᠲᠡᠭᠡᠬᠦ ᠪᠠᠶᠢᠩᠭᠤ ᠶᠢᠨ | ᠠᠮᠢ ᠠᠬᠤᠢ ᠶᠢ ᠪᠣᠶ ᠪᠣᠯᠭᠠᠨ᠎ᠠ᠃ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠨ ᠦᠢᠯᠡᠳᠪᠦᠷᠢ ᠶᠢᠨ ᠭᠡᠷ ᠪᠠᠶᠢᠰᠢᠩ ᠢ | ᠬᠠᠮᠲᠤᠪᠠᠷ ᠡᠳ᠋ᠯᠡᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠴᠢ ᠪᠠᠷ ᠡᠵᠡᠩᠨᠡᠭᠰᠡᠨ᠂ ᠪᠠᠲᠤᠯᠠᠭ᠎ᠠ ᠪᠠᠷ ᠬᠦᠴᠦᠲᠡᠢ ᠢᠵᠢ | ᠪᠦᠷᠢᠳᠦᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠣᠨ᠎ᠠ᠃ | ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠶᠢᠨ ᠲᠣᠭᠤᠷᠢᠨ ᠳᠤ ︽ᠬᠦᠴᠢᠷ ᠵᠣᠪᠠᠭᠤᠷᠢ ᠶᠢ | ᠠᠷᠢᠯᠭᠠᠬᠤ︾ ᠠᠵᠢᠯᠯᠠᠭ᠎ᠠ ᠶᠢ ᠥᠷᠨᠢᠭᠦᠯᠪᠡ᠃ ᠭᠤᠸ ᠶᠦᠩ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠬᠢᠨ ᠨᠠᠷᠢᠨ ᠨᠢᠮᠪᠠᠢ ᠲᠥᠯᠥᠪᠯᠡᠨ ᠪᠤᠳᠤᠬᠤ ᠤᠬᠠᠮᠰᠠᠷ ᠢ ᠪᠣᠶ ᠪᠣᠯᠭᠠᠵᠤ᠂ ᠬᠤᠲᠠ ᠶᠢᠨ | ᠳᠣᠲᠣᠷᠠᠬᠢ ᠲᠣᠰᠬᠤᠨ ᠪᠠ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠴᠢᠨᠠᠷ ᠰᠠᠶᠢᠲᠠᠢ ᠥᠨᠳᠥᠷ | ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠨ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ᠂ ᠪᠣᠷᠣᠭᠠᠨ ᠪᠣᠬᠢᠷ | ᠤᠰᠤ ᠶᠢ ᠵᠠᠰᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠬᠦ ᠵᠡᠷᠭᠡ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠠᠮᠢᠳᠤᠷᠠᠯ ᠤᠨ ᠣᠷᠴᠢᠨ ᠲᠣᠭᠤᠷᠢᠨ ᠢ | ᠰᠠᠶᠢᠵᠢᠷᠠᠭᠤᠯᠤᠨ᠎ᠠ ᠭᠡᠵᠡᠢ᠃ ᠠᠳᠠᠯ ᠠᠬᠤᠢ ᠪᠠ ᠰᠠᠭᠤᠭᠠᠯᠢ ᠠᠷᠠᠳ ᠤᠨ ᠬᠤᠭᠤᠷᠣᠨᠳᠣᠬᠢ ᠵᠥᠷᠢᠴᠡᠯ ᠢ ᠰᠢᠯᠤᠭᠤᠳᠬᠠᠵᠤ᠂ | ᠵᠠᠮ ᠬᠠᠷᠢᠯᠴᠠᠭᠠᠨ ᠤ ᠪᠠᠲᠤᠯᠠᠭᠠᠲᠤ ᠠᠰᠠᠷ᠂ ᠭᠡᠷ ᠪᠠᠶᠢᠰᠢᠩ ᠤᠨ ᠡᠬᠡ ᠮᠥᠩᠭᠦ ᠡᠷᠭᠢᠯᠡᠬᠦ ᠵᠡᠷᠭᠡ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠰᠤᠯᠠ ᠪᠠᠶᠢᠭ᠎ᠠ ᠡᠬᠢ ᠪᠠᠶᠠᠯᠢᠭ ᠤᠨ ᠲᠣᠭᠤᠷᠢᠨ ᠳᠤ᠂ ︽ᠴᠢᠯᠦᠭᠡᠲᠡᠢ ᠪᠠᠶᠢᠯᠭᠠᠬᠤ︾ ᠠᠵᠢᠯᠯᠠᠭ᠎ᠠ ᠶᠢ ᠥᠷᠨᠢᠭᠦᠯᠦᠨ᠎ᠡ | ᠃ ᠭᠤᠸ ᠶᠦᠩ ᠬᠡᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ︽ᠰᠢᠢᠳᠪᠦᠷᠢᠯᠡᠬᠦ | ᠰᠡᠳᠬᠢᠬᠦᠢ︾ ᠶᠢ ᠪᠠᠲᠤ ᠪᠠᠬᠢ ᠪᠣᠶ ᠪᠣᠯᠭᠠᠵᠤ᠂ ︽ᠨᠢᠭᠡ ᠣᠷᠣᠨ ᠰᠠᠭᠤᠴᠠ ᠳᠤ ᠨᠢᠭᠡ ᠲᠥᠷᠥ ᠶᠢᠨ ᠪᠣᠳᠣᠯᠭ᠎ᠠ︾ ︽ | ᠨᠢᠭᠡ ᠭᠠᠵᠠᠷ ᠣᠷᠣᠨ ᠳᠤ ᠨᠢᠭᠡ ᠲᠥᠷᠥ ᠶᠢᠨ ᠪᠣᠳᠣᠯᠭ᠎ᠠ︾ ︽ᠨᠢᠭᠡ ᠵᠦᠢᠯ ᠳᠤ ᠨᠢᠭᠡ ᠲᠥᠷᠥ ᠶᠢᠨ ᠪᠣᠳᠣᠯᠭ᠎ᠠ︾ ᠪᠠᠷ | ᠳᠠᠮᠵᠢᠭᠤᠯᠤᠨ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠪᠦᠲᠦᠮᠵᠢᠲᠡᠶ ᠠᠮᠢᠯᠠᠭᠤᠯᠵᠤ᠂ ᠭᠠᠵᠠᠷ ᠰᠢᠷᠣᠢ ᠶᠢ | ᠵᠥᠪᠰᠢᠶᠡᠷᠡᠬᠦ ᠠᠴᠠ ᠪᠢᠰᠢ ᠬᠠᠩᠭᠠᠭᠰᠠᠨ ᠦᠭᠡᠢ᠂ ᠬᠠᠩᠭᠠᠬᠤ ᠠᠴᠠ ᠪᠢᠰᠢ ᠬᠡᠷᠡᠭᠯᠡᠭᠰᠡᠨ ᠦᠭᠡᠢ᠂ ᠬᠡᠷᠡᠭᠯᠡᠬᠦ ᠠᠴᠠ ᠪᠢᠰᠢ | ᠬᠡᠷᠡᠭᠯᠡᠭᠰᠡᠨ ᠦᠭᠡᠢ᠂ ᠪᠠᠶᠢᠭᠤᠯᠬᠤ ᠠᠴᠠ ᠪᠢᠰᠢ ᠪᠡᠯᠡ ᠣᠷᠣᠭᠤᠯᠤᠭᠰᠠᠨ ᠦᠭᠡᠢ᠂ ᠣᠷᠣᠭᠤᠯᠬᠤ ᠠᠴᠠ ᠪᠢᠰᠢ ᠪᠠᠷᠢᠮᠵᠢᠶ᠎ᠠ ᠳᠤ | ᠭᠦᠷᠦᠭᠰᠡᠨ ᠦᠭᠡᠢ ᠵᠡᠷᠭᠡ ︽ᠲᠠᠪᠤᠨ ᠵᠦᠢᠯ ᠤᠨ ᠠᠷᠭ᠎ᠠ︾ ᠶᠢᠨ ᠠᠰᠠᠭᠤᠳᠠᠯ ᠢ ᠰᠢᠢᠳᠪᠦᠷᠢᠯᠡᠵᠦ᠂ ᠨᠣᠶᠢᠷᠮᠣᠭᠯᠠᠬᠤ ᠡᠬᠢ | ᠪᠠᠶᠠᠯᠢᠭ ᠢ ᠦᠨᠡᠨ ᠬᠦ ᠠᠮᠢᠯᠠᠭᠤᠯᠵᠤ᠂ ᠵᠣᠭᠰᠣᠩᠭᠢᠷᠠᠬᠤ ᠵᠦᠢᠯᠡᠰ ᠢ ᠠᠪᠤᠷᠠᠨ᠎ᠠ ᠭᠡᠵᠡᠢ᠃ | ᠡᠭᠦᠨ ᠠᠴᠠ ᠭᠠᠳᠠᠨ᠎ᠠ᠂ ᠭᠤᠸ ᠶᠦᠩ ᠢᠯᠡᠷᠬᠡᠶᠢᠯᠡᠬᠦ ᠳᠡᠭᠡᠨ᠂ ᠨᠡᠶᠢᠭᠡᠮ ᠤᠨ ᠠᠵᠢᠯ ᠤᠨ ᠲᠣᠭᠤᠷᠢᠨ ᠳᠤ ᠠᠷᠠᠳ ᠲᠤ | ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠰᠤᠷᠭᠠᠨ ᠬᠥᠮᠦᠵᠢᠯ᠂ ᠡᠮᠴᠢᠯᠡᠭᠡ᠂ ᠰᠣᠶᠣᠯ︾ ᠤᠨ | ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ︽ᠬᠠᠲᠤᠨ ᠭᠤᠣᠯ ᠤᠨ ᠨᠢᠭᠡᠳᠦᠭᠡᠷ ᠲᠣᠰᠬᠤᠨ︾ ᠢ | ᠪᠦᠲᠦᠭᠡᠨ ᠪᠠᠶᠢᠭᠤᠯᠬᠤ ᠳᠤ ᠦᠢᠯᠡᠴᠢᠯᠡᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠡᠭᠦᠳᠦᠨ ᠪᠠᠶᠢᠭᠤᠯᠬᠤ ᠵᠡᠷᠭᠡ | ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠪᠠᠷ ᠢᠳᠡᠪᠬᠢᠲᠡᠢ ᠴᠢᠷᠮᠠᠶᠢᠨ᠎ᠠ᠃ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠵᠡᠮᠵᠢ ᠶᠢ ᠳᠡᠯᠭᠡᠨ ᠦᠵᠡᠭᠦᠯᠬᠦ᠂ | ᠲᠠᠷᠢᠶᠠᠯᠠᠩ ᠤᠨ ᠶᠠᠪᠤᠳᠠᠯ ᠤᠨ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠲᠠᠷᠢᠶᠠᠯᠠᠩ ᠪᠠ ᠵᠤᠭᠠᠴᠠᠯ᠂ ᠰᠣᠶᠣᠯ ᠪᠠ | ᠵᠤᠭᠠᠴᠠᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ︽12345︾ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠬᠠᠯᠠᠮᠰᠢᠯ ᠤᠲᠠᠰᠤ ᠪᠠ ᠰᠦᠯᠵᠢᠶᠡᠨ ᠳᠡᠭᠡᠷᠡᠬᠢ ᠣᠯᠠᠨ ᠲᠦᠮᠡᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ | ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠬᠦᠰᠡᠯ ᠢ ᠦᠨᠡᠨ ᠬᠦ ︽ᠰᠡᠳᠬᠢᠯ ᠤᠨ ᠳᠠᠷᠤᠭᠠᠰᠤ︾ ᠳᠤ ᠬᠦᠷᠲᠡᠯ᠎ᠡ | ᠰᠢᠢᠳᠪᠦᠷᠢᠯᠡᠨ᠎ᠡ᠃ | ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︿ᠠᠵᠤ ᠠᠬᠤᠢ ᠶᠢᠨ ᠲᠣᠮᠣ ᠣᠷᠣᠨ ᠤ ᠭᠤᠣᠯ | ᠨᠢᠷᠤᠭᠤ ᠶᠢ ᠡᠭᠦᠷᠭᠡᠯᠡᠬᠦ﹀ ᠡᠭᠦᠷᠭᠡᠯᠡᠯ ᠢᠶᠠᠷ ︿ ᠰᠢᠢᠳᠪᠦᠷᠢᠯᠡᠭᠦ ᠰᠡᠳᠬᠢᠬᠦᠢ﹀ ᠶᠢ ᠪᠠᠲᠤ ᠪᠤᠢ ᠪᠣᠯᠭᠠᠵᠤ᠂ ᠲᠡᠷᠢᠭᠦᠨ ᠤ ᠬᠢ ᠶᠢ | ᠡᠭᠦᠳᠬᠦ ᠪᠠᠷ ᠴᠢᠷᠮᠠᠶᠢᠵᠤ᠂ ᠪᠣᠳᠠᠲᠠᠢ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠦᠢᠯᠡᠰ ᠤᠨ ᠦᠷᠭᠦᠯᠵᠢᠯᠡᠨ ᠲᠣᠮᠣ | ᠠᠯᠬᠤᠮ ᠢᠶᠠᠷ ᠤᠷᠤᠭᠰᠢᠯᠠᠬᠤ ᠶᠢ ᠠᠬᠢᠭᠤᠯᠵᠤ᠂ ᠪᠤᠭᠤᠲᠤ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠲᠠᠬᠢᠨ | ᠪᠤᠴᠠᠬᠤ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠦᠴᠦᠨ ᠴᠢᠳᠠᠯ ᠢ ᠨᠡᠮᠡᠷᠢᠯᠡᠨ᠎ᠡ︾ ᠭᠡᠵᠦ ᠭᠤᠤ ᠶᠦᠩ ᠬᠡᠯᠡᠪᠡ᠃ |