ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠠᠷᠢᠯᠢᠭ ᠪᠠᠶᠢᠷᠢᠯᠠᠭᠤᠯᠣᠯᠳᠠ ᠪᠠᠷ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠢ ᠪᠠᠳᠣᠯᠠᠵᠣ ᠪᠠᠶᠢᠨ᠎ᠠ
ᠨᠡᠶᠢᠲᠡᠯᠡᠭᠰᠡᠨ ᠴᠠᠭ᠄
2025/2/12
    ᠴᠠᠭᠠᠨ ᠰᠠᠷ᠎ᠠ ᠣᠶᠢᠷᠠᠳᠴᠤ᠂ ᠠᠷᠠᠳ ᠤᠯᠠᠨ ᠢ ᠪᠠᠶᠠᠷ ᠪᠠᠶᠠᠰᠬᠤᠯᠠᠩ ᠲᠠᠢ᠂ ᠠᠮᠤᠷ ᠲᠦᠪᠰᠢᠨ ᠲᠣᠭᠲᠠᠭᠤᠨ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤᠷᠢᠳᠴᠢᠯᠠᠨ ᠲᠦᠰᠦᠪᠯᠡᠵᠣ ᠨᠠᠷᠢᠨ ᠨᠢᠭᠲᠠ ᠪᠠᠶᠢᠷᠯᠠᠭᠭᠤᠯᠣᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠪᠠ᠃     ᠲᠤᠰᠬᠠᠢ ᠰᠡᠳᠦᠪ ᠢᠶᠠᠷ ᠪᠠᠶᠢᠷᠢᠯᠠᠭᠤᠯᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠪᠠ
    1 ᠰᠠᠷ᠎ᠠ ᠶᠢᠨ 16 ᠤ ᠡᠳᠦᠷ᠂ ᠣᠷᠣᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠬᠠᠷᠢᠶ᠎ᠠ ᠣᠷᠣᠨ ᠤ ᠪᠠᠨ 120 ᠭᠠᠷᠤᠢ ᠠᠶᠤᠯᠲᠠᠢ ᠬᠢᠮᠢ ᠶᠢᠨ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠠᠵᠤ ᠠᠬᠤᠶᠢᠯᠠᠯ ᠤᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠪᠣᠯᠣᠨ ᠣᠨᠴᠠᠭᠠᠢ ᠴᠢᠨᠠᠷ ᠢ ᠭᠦᠢᠴᠡᠳ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠡᠪᠴᠢᠵᠦ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠭᠡᠮ ᠰᠣᠭᠤᠭ ᠢ ᠪᠠᠶᠢᠴᠠᠭᠠᠨ ᠵᠠᠰᠠᠬᠤ᠂ ᠠᠶᠤᠯᠲᠠᠢ ᠬᠢᠮᠢ ᠶᠢᠨ ᠪᠣᠳᠠᠰ ᠢ ᠬᠠᠮᠢᠶᠠᠷᠤᠨ ᠡᠵᠡᠮᠳᠡᠬᠦ᠂ ᠠᠶᠤᠯᠲᠠᠢ ᠠᠵᠢᠯ ᠢ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃ 1 ᠳ᠋ᠦᠭᠡᠷ ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠲᠣᠭᠤᠷᠢᠭ ᠤᠨ ᠬᠠᠷᠢᠶ᠎ᠠ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠲᠠᠢ ᠬᠠᠮᠲᠤᠷᠠᠨ ᠪᠦᠯᠦᠭ ᠤᠳᠠᠭ᠎ᠠ ᠬᠤᠪᠢᠶᠠᠨ ᠡᠯ᠎ᠡ ᠲᠥᠷᠥᠯ ᠤᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠰᠡᠷᠡᠮᠵᠢ ᠶᠢᠨ ᠬᠥᠮᠦᠵᠢᠯ ᠪᠣᠯᠪᠠᠰᠤᠷᠠᠭᠤᠯᠤᠯ ᠤᠨ ᠪᠣᠯᠵᠣᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠠᠩᠬᠠᠨ ᠤ ᠦᠶ᠎ᠡ ᠶᠢᠨ ᠭᠠᠯ ᠤᠨᠲᠠᠷᠠᠭᠠᠬᠤ᠂ ᠲᠠᠷᠬᠠᠭᠠᠨ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠬᠤ᠂ ᠲᠤᠬᠠᠢ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠲᠠᠶᠢᠯᠬᠤ᠂ ᠭᠠᠯ ᠤᠨᠲᠠᠷᠠᠭᠠᠬᠤ ᠴᠢᠳᠠᠪᠤᠷᠢ ᠶᠢ ᠰᠢᠯᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠰᠣᠨᠣᠷ ᠰᠡᠷᠡᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠨᠢᠭᠡᠳᠦᠭᠡᠷ ᠹᠷᠣᠨᠲ ᠤᠨ ᠬᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠯᠤᠭᠤᠳᠴᠤ ᠬᠠᠮᠢᠶᠠᠷᠤᠨ ᠡᠵᠡᠮᠳᠡᠨ᠎ᠡ
    ᠣᠶᠢᠷ᠎ᠠ ᠶᠢᠨ ᠬᠤᠭᠤᠴᠠᠭᠠᠨ ᠳᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ 3 ᠬᠠᠪᠰᠤᠷᠤᠨ ᠲᠡᠳᠬᠦᠬᠦ ᠵᠢᠯᠤᠭᠤᠳᠬᠤ ᠳᠤᠭᠤᠶᠢᠯᠠᠩ ᠢ ᠪᠠᠶᠢᠭᠤᠯᠪᠠ᠃ ᠡᠯ᠎ᠡ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠪᠠᠨ ᠠᠶᠤᠯᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠪᠠ ᠲᠡᠮᠦᠷᠯᠢᠭ ᠪᠣᠯᠪᠠᠰᠤᠷᠠᠭᠤᠯᠬᠤ ᠵᠡᠷᠭᠡ ᠭᠤᠣᠯᠳᠠᠯᠭ᠎ᠠ  ᠲᠠᠢ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠪᠠᠭᠤᠵᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠠᠵᠢᠯ ᠡᠷᠬᠢᠯᠡᠭᠰᠡᠳ ᠠᠴᠠ ᠯᠠᠪᠯᠠᠨ ᠠᠰᠠᠭᠤᠬᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠬᠦᠨ ᠢ ᠬᠠᠮᠤᠷᠤᠨ ᠬᠠᠪᠰᠤᠷᠤᠨ ᠲᠡᠳᠬᠦᠬᠦ ᠵᠢᠯᠣᠭᠤᠳᠤᠯᠭ᠎ᠠ ᠥᠷᠨᠢᠭᠦᠯᠵᠦ᠂ ᠠᠵᠤ ᠠᠬᠤᠶᠢᠯᠠᠯ ᠤᠨ ᠪᠠᠶᠠᠷ ᠤᠨ ᠡᠳᠦᠷ ᠠᠴᠠ ᠡᠮᠦᠨᠡᠬᠢ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ᠂ ᠲᠥᠬᠦᠭᠡᠷᠦᠮᠵᠢ ᠪᠡᠯᠡᠳᠬᠡᠮᠵᠢ ᠶᠢᠨ ᠠᠵᠢᠯᠯᠠᠭᠠᠨ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠲᠦᠭᠰᠢᠭᠦᠷᠢ ᠶᠢᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠳᠣᠯᠠᠪᠠ᠃     ᠰᠦᠯᠵᠢᠶᠡᠨ ᠳᠡᠭᠡᠷ᠎ᠡ ᠲᠣᠬᠢᠷᠠᠭᠤᠯᠵᠤ᠂ ᠠᠵᠤ ᠠᠬᠤᠶᠢᠯᠠᠯ ᠤᠨ ᠬᠥᠳᠡᠯᠦᠯ ᠪᠠᠶᠢᠳᠠᠯ ᠢ ᠡᠵᠡᠮᠰᠢᠨ᠎ᠡ
    ᠦᠵᠡᠭᠳᠡᠮᠡᠯ ᠶᠠᠷᠢᠯᠴᠠᠭᠤᠷ ᠢᠶᠠᠷ ᠳᠠᠮᠵᠢᠭᠤᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠶᠢᠳᠠᠯ᠂ ᠪᠠᠶᠢᠴᠠᠭᠠᠵᠤ ᠰᠡᠯᠪᠢᠨ ᠵᠠᠰᠠᠬᠤ ᠠᠵᠢᠯ᠂ ᠭᠠᠳᠠᠭᠰᠢ ᠳᠠᠭᠠᠭᠠᠴᠢᠯᠠᠭᠤᠯᠬᠤ ᠠᠵᠢᠯ᠂ ᠪᠠᠶᠠᠷ ᠤᠨ ᠡᠳᠦᠷ ᠠᠴᠠ ᠡᠮᠦᠨ᠎ᠡ ᠴᠢᠯᠦᠭᠡ ᠲᠠᠯᠪᠢᠬᠤ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠵᠡᠷᠭᠡ ᠠᠵᠢᠯ ᠳᠤ ᠦᠷᠭᠦᠯᠵᠢᠯᠡᠨ ᠲᠤᠬᠠᠢ ᠶᠢᠨ ᠲᠠᠯᠠᠪᠤᠷ ᠤᠨ ᠲᠣᠬᠢᠷᠠᠭᠤᠯᠤᠯᠲᠠ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ︽ᠬᠥᠪᠴᠢ︾  ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃     ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠠᠭᠤᠷ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠭᠠᠮᠰᠢᠭᠲᠤ ᠴᠠᠭ ᠠᠭᠤᠷ ᠤᠨ ᠰᠡᠷᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠨᠡᠶᠢᠭᠡᠮ ᠨᠡᠶᠢᠲᠡ ᠪᠠ ᠠᠵᠤ ᠠᠬᠤᠶᠢᠯᠠᠯ ᠳᠤ ᠨᠡᠶᠢᠲᠡᠯᠡᠵᠦ᠂ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠤᠨ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号