ᠡᠷᠴᠢ ᠵᠣᠷᠢᠭ ᠢᠶᠠᠨ ᠬᠦᠪᠴᠢᠯᠡᠨ ᠬᠥᠭᠵᠢᠯᠲᠡ ᠶᠢᠨ ︽ᠥᠨᠳᠥᠷ ᠬᠤᠪᠢ ᠶᠢᠨ ᠲᠠᠩᠰᠨ︾ ᠶᠢ ᠲᠤᠰᠢᠶᠠᠨ᠎ᠠ
ᠨᠡᠶᠢᠲᠡᠯᠡᠭᠰᠡᠨ ᠴᠠᠭ᠄
2025/2/12
    ᠠᠵᠢᠯᠴᠢ ᠬᠥᠮᠥᠨ ᠳᠤ ᠬᠠᠪᠤᠷ ᠤᠨ ᠴᠠᠭ ᠡᠷᠲᠡ ᠢᠷᠡᠳᠡᠭ᠂  ᠠᠵᠢᠯ ᠤᠨ ᠬᠦᠮᠦᠨ ᠨᠡᠩ ᠴᠤ ᠡᠷᠲᠡ ᠢᠷᠡᠳᠡᠭ ᠃ 2 ᠳ᠋ᠤᠭᠠᠷ ᠰᠠᠷ᠎ᠠ ᠶᠢᠨ 6 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ᠃     ᠬᠤᠷᠠᠯ ᠤᠨ ᠲᠠᠷᠠᠭ᠎ᠠ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠢᠳᠡᠪᠬᠢᠲᠡᠢ ᠪᠠᠷ ᠴᠤᠤᠷᠢᠶᠠᠲᠤᠨ ᠳᠠᠭᠠᠵᠤ ᠂ ᠦᠳᠲᠡᠷ ᠲᠦᠷᠭᠡᠨ ᠬᠦᠳᠡᠯᠦᠯᠴᠡᠨ ᠪᠣᠳᠠᠲᠠᠢ ᠠᠵᠢᠯᠯᠠᠭ᠎ᠠ ᠪᠠᠷ ᠢᠶᠠᠨ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠦᠷᠭᠦᠯᠵᠢᠯᠡᠨ ᠪᠠᠳᠠᠷᠠᠭᠤᠯᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ ᠲᠡᠦᠬᠡ ᠶᠢᠨ ᠬᠦᠨᠳᠦ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠮᠠᠨᠵᠤ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠠᠶᠢᠷᠢᠯᠠᠭᠤᠯᠤᠯᠲᠠ ᠬᠢᠵᠡᠢ᠃     ᠨᠠᠮ ᠤᠯᠠᠨ ᠲᠦᠮᠡᠨ ᠤ ᠠᠵᠢᠯ ᠤᠨ ᠬᠡᠯᠲᠡᠰ     2 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠶᠠᠮᠤᠨ ᠤ ᠶᠠᠪᠤᠳᠠᠯ ᠤᠨ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠶᠠᠮᠤᠨ ᠤ ᠳᠣᠲᠣᠭᠠᠳᠤ ᠶᠢᠨ ᠪᠥᠬᠦ ᠺᠠᠳ᠋ᠷ ᠠᠵᠢᠯᠲᠠᠨ ᠠᠵᠢᠯᠴᠢᠨ ᠢ ᠦᠳᠲᠡᠷ ᠲᠦᠷᠭᠡᠨ ᠢᠶᠠᠷ ᠰᠡᠳᠬᠢᠯ ᠢᠶᠠᠨ ᠬᠤᠷᠢᠶᠠᠵᠤ᠂ ᠦᠵᠡᠯ ᠰᠠᠨᠠᠭᠠᠨ ᠤ ᠡᠷᠴᠢᠯᠡᠭᠦᠷ ᠢᠶᠠᠨ ᠴᠢᠩᠭᠠᠯᠠᠵᠤ᠂ ︽ᠠᠮᠠᠷᠠᠯᠲᠠ ᠶᠢᠨ ᠡᠳᠦᠷ ᠤᠨ ᠵᠠᠭᠪᠤᠷ︾   ᠠᠴᠠ ︽ᠲᠡᠮᠡᠴᠡᠯ ᠤᠨ ᠵᠠᠭᠪᠤᠷ︾ ᠪᠣᠯᠭᠠᠨ ᠰᠣᠯᠢᠵᠤ᠂ ᠠᠵᠢᠯ ᠤᠨ ᠰᠤᠷᠲᠠᠯ ᠤᠨ ᠬᠤᠪᠢᠷᠠᠯᠲᠠ ᠪᠠᠷ ᠡᠯ᠎ᠡ ᠵᠦᠢᠯ ᠤᠨ ᠠᠵᠢᠯ ᠤᠨ ᠲᠦᠷᠭᠡᠨ ᠵᠠᠮ ᠳᠤ ᠣᠷᠣᠬᠤ ᠶᠢ ᠠᠬᠢᠭᠤᠯᠵᠤ᠂ ᠰᠢᠨ᠎ᠡ ᠨᠢᠭᠡ ᠵᠢᠯ ᠳᠤ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠨᠠᠮ ᠪᠠ ᠣᠯᠠᠨ ᠲᠦᠮᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠱᠠᠭᠠᠷᠳᠠᠪᠠ᠃
    ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ     2 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠪᠠᠶᠠᠷ ᠤᠨ ᠡᠳᠦᠷ ᠤᠨ ᠳᠠᠷᠠᠭᠠᠬᠢ ᠰᠡᠳᠬᠢᠯ ᠢᠶᠠᠨ ᠬᠤᠷᠢᠶᠠᠬᠤ ᠳᠠᠶᠢᠴᠢᠯᠠᠯᠲᠠ ᠶᠢᠨ ᠬᠤᠷᠠᠯ ᠬᠢᠵᠦ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠪᠠ ᠠᠵᠢᠯ ᠤᠨ ᠭᠤᠣᠯᠳᠠᠯᠭ᠎ᠠ ᠳᠤ ᠪᠠᠶᠢᠷᠢᠯᠠᠭᠤᠯᠤᠯᠲᠠ ᠬᠢᠪᠡ᠃
   ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ ︽ᠡᠬᠢᠯᠡᠯᠲᠡ ᠲᠠᠢ ᠪᠣᠯ ᠰᠢᠢᠳᠪᠦᠷᠢᠲᠦ ᠪᠠᠶᠢᠯᠳᠤᠭᠠᠨ ᠬᠢᠵᠦ᠂ ᠡᠬᠢᠯᠡᠯᠲᠡ ᠲᠠᠢ ᠪᠣᠯ ᠰᠢᠪᠲᠤᠯᠤᠯᠲᠠ ᠬᠢᠬᠦ︾ ᠠᠵᠢᠯ ᠤᠨ ᠪᠠᠶᠢᠳᠠᠯ ᠢᠶᠠᠷ ᠮᠠᠨ ᠤ ᠣᠷᠣᠨ ᠤ ︽60 ᠬᠦᠴᠦᠷᠬᠡᠭ ᠤᠨ ᠪᠠᠶᠢᠷᠢᠨ ᠳᠤ ᠣᠷᠣᠬᠤ︾ ᠬᠠᠷᠠᠯᠲᠠ ᠶᠢ ᠲᠣᠭᠲᠠᠭᠠᠵᠤ᠂ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠳᠤ ᠵᠣᠷᠢᠭᠲᠠᠢ ᠪᠠᠷ ᠪᠤᠰᠤᠳ ᠠᠴᠠ ᠲᠦᠷᠦᠭᠦᠯᠡᠬᠦ ᠬᠤᠳᠠᠯᠳᠤᠭᠠᠴᠢᠨ ᠤᠷᠢᠬᠤ ᠬᠦᠴᠦᠨ ᠨᠡᠮᠡᠷᠢᠯᠡᠨ᠎ᠡ᠃     ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ     2 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠪᠥᠬᠦ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
   2025 ᠣᠨ ᠳᠤ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠡᠩ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠵᠦ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠵᠤ᠂ ᠬᠤᠳᠠ ᠶᠢᠨ ᠬᠠᠮᠢᠶᠠᠷᠤᠯᠲᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠪᠤᠰᠢᠭᠤ ᠱᠠᠯᠠᠮᠠᠭᠠᠢ ᠠᠵᠢᠯᠯᠠᠭ᠎ᠠ᠂ ᠵᠣᠷᠢᠭᠲᠠᠢ ᠬᠢᠵᠦ ᠴᠢᠳᠠᠮᠠᠭᠠᠢ ᠠᠵᠢᠯᠯᠠᠬᠤ ᠡᠭᠦᠷᠭᠡᠯᠡᠯ᠂ ᠰᠡᠲᠡᠷᠬᠡᠢ ᠵᠡᠭᠦᠦ ᠲᠠᠰᠤᠷᠬᠠᠢ ᠤᠲᠠᠰᠤ ᠪᠠᠷ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠪᠣᠯᠣᠨ᠎ᠠ᠃
   ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ     2 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ 2025 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠪᠠ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠪᠠ ᠰᠡᠳᠬᠢᠮᠵᠢ ᠪᠠᠨ ᠲᠣᠳᠣᠷᠬᠠᠶᠢᠯᠠᠪᠠ᠃
    2025 ᠣᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠬᠠᠷᠠᠯᠲᠠ ᠪᠠᠨ ᠴᠢᠩᠭ᠎ᠠ ᠠᠩᠬᠠᠷᠴᠤ᠂ ᠲᠡᠮᠡᠴᠡᠯ ᠤᠨ ᠵᠣᠷᠢᠭ ᠢᠶᠠᠨ ᠳᠠᠬᠢᠨᠲᠠ ᠬᠥᠪᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠨᠢᠭᠡᠪᠦᠷᠢ᠂ ᠠᠷᠠᠯᠵᠢᠶᠠᠴᠢᠨ ᠤᠷᠢᠬᠤ ᠲᠦᠷᠦᠯ ᠵᠦᠢᠯ ᠨᠢᠭᠡᠪᠦᠷᠢ᠂ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠨᠢᠭᠡᠪᠦᠷᠢ ᠶᠢᠨ ᠠᠵᠢᠯᠯᠠᠭᠠᠨ ᠤ ᠪᠠᠶᠢᠳᠠᠯ᠂ ᠪᠣᠳᠠᠲᠠᠢ ᠶᠠᠪᠤᠳᠠᠯ ᠨᠢᠭᠡᠪᠦᠷᠢ ᠶᠢᠨ ᠠᠬᠢᠴᠠ ᠶᠢᠨ ᠪᠠᠶᠢᠳᠠᠯ ᠢ ᠪᠠᠲᠤ ᠴᠢᠩᠭ᠎ᠠ ᠠᠩᠬᠠᠷᠴᠤ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠡᠮᠬᠢ ᠵᠢᠷᠤᠮ ᠲᠠᠢ ᠥᠨᠳᠥᠷ ᠪᠦᠲᠦᠮᠵᠢᠲᠡᠢ ᠥᠷᠨᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠵᠢᠯ ᠤᠨ︽ᠨᠢᠭᠡᠳᠦᠭᠡᠷ ᠰᠢᠳᠠᠮ︾ ᠢ ᠴᠢᠷᠮᠠᠶᠢᠨ ᠰᠠᠶᠢᠲᠤᠷ ᠭᠦᠶᠦᠬᠦ ᠪᠠᠷ ᠴᠢᠷᠮᠠᠶᠢᠨ᠎ᠠ᠃    ᠨᠡᠶᠢᠭᠡᠮ ᠤᠨ ᠶᠠᠪᠤᠳᠠᠯ ᠤᠨ ᠲᠣᠪᠴᠢᠶ᠎ᠠ ︵ᠰᠤᠷᠭᠠᠨ ᠬᠥᠮᠦᠵᠢᠯ ᠤᠨ ᠲᠣᠪᠴᠢᠶ᠎ᠠ︶     2 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ︵ᠰᠤᠷᠭᠠᠨ ᠬᠥᠮᠦᠵᠢᠯ ᠤᠨ ᠲᠣᠪᠴᠢᠶ᠎ᠠ︶ 2025 ᠣᠨ ᠤ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
    2025 ᠣᠨ ᠳᠤ᠂ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ︵ᠰᠤᠷᠭᠠᠨ ᠬᠥᠮᠦᠵᠢᠯ ᠤᠨ ᠲᠣᠪᠴᠢᠶ᠎ᠠ︶ ︽ᠬᠡᠭᠦᠳᠡᠭ ᠲᠦᠭᠦᠷᠡᠩ ᠢᠳᠡᠭᠡᠯ︾  ᠢᠶᠠᠷ ᠰᠢᠨ᠎ᠡ ᠥᠷᠢᠰᠦᠯᠳᠦᠭᠡᠨ ᠢ ᠤᠭᠲᠤᠨ᠎ᠠ᠃ ᠬᠠᠷᠠᠯᠲᠠ ᠪᠠᠨ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ︽ᠬᠠᠮᠤᠭ ᠦᠳᠦᠷ ᠪᠠᠷᠢᠮᠵᠢᠶ᠎ᠠ︾ ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ  ᠃ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ︽ᠦᠨᠡᠨ ᠪᠣᠳᠠᠲᠠᠢ ᠠᠷᠭ᠎ᠠ ᠬᠡᠮᠵᠢᠶ᠎ᠡ︾ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠪᠦᠬᠦ ᠬᠦᠴᠦᠨ ᠢᠶᠠᠷ ᠢᠶᠠᠨ ︽ᠭᠤᠷᠪᠠᠨ ᠥᠨᠳᠥᠷ︾ ᠢ ᠴᠣᠭᠴᠠᠯᠠᠬᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠪᠠᠷ ᠮᠡᠷᠡᠶᠢᠨ᠎ᠡ᠃    ᠵᠠᠭᠠᠯᠳᠣᠯᠭ᠎ᠠ ᠶᠢ ᠬᠠᠮᠲᠤᠷᠠᠨ ᠬᠦᠯᠢᠶᠡᠨ ᠠᠪᠬᠤ ᠲᠥᠪ    2 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠰᠣᠷᠪᠤᠯᠵᠢᠯᠠᠭ᠎ᠠ ᠶᠢ ᠭᠥᠯᠢᠶᠡᠨ ᠠᠪᠬᠤ ᠲᠥᠪ ᠲᠠᠢ ᠬᠠᠮᠲᠤᠷᠠᠨ ᠴᠠᠭᠠᠨ ᠰᠠᠷ᠎ᠠ ᠶᠢᠨ ᠪᠠᠶᠠᠷ ᠢ ᠭᠥᠯᠢᠶᠡᠨ ᠠᠪᠬᠤ ᠵᠢᠴᠢ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃
   ᠰᠣᠷᠪᠤᠯᠵᠢᠯᠠᠭ᠎ᠠ ᠶᠢ ᠬᠦᠯᠢᠶᠡᠨ ᠠᠪᠬᠤ ᠬᠠᠮᠲᠤᠷᠠᠭᠰᠠᠨ ᠲᠥᠪ ᠤᠨ ᠬᠢᠨ ᠰᠠᠬᠢᠯᠭ᠎ᠠ ᠪᠠᠲᠤ ᠣᠪᠣᠷ ᠰᠤᠷᠲᠠᠯ ᠢᠶᠠᠨ ᠦᠷᠭᠦᠯᠵᠢᠯᠡᠨ ᠴᠢᠩᠭᠠᠳᠬᠠᠵᠤ᠂ ᠬᠥᠮᠥᠨ ᠨᠢ ᠠᠵᠢᠯ ᠤᠨ ᠪᠠᠶᠢᠷᠢ ᠳᠠᠭᠠᠨ ᠪᠠᠶᠢᠬᠤ᠂ ᠰᠡᠳᠬᠢᠯ ᠨᠢ ᠣᠷᠣᠨ ᠪᠠᠶᠢᠷᠢ ᠳᠠᠭᠠᠨ ᠪᠠᠶᠢᠬᠤ ᠶᠢ ᠦᠨᠡᠨᠬᠦ ᠪᠠᠲᠤᠯᠠᠬᠤ ᠪᠣᠯᠣᠨ᠎ᠠ᠃ 2025 ᠣᠨ ᠤ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠭᠤᠣᠯ ᠱᠤᠭᠤᠮ ᠢ ᠴᠢᠩᠭ᠎ᠠ ᠡᠵᠡᠮᠳᠡᠵᠦ᠂ ᠭᠤᠣᠯᠳᠠᠯᠭ᠎ᠠ ᠲᠠᠢ ᠠᠵᠢᠯ ᠢ ᠡᠵᠡᠮᠳᠡᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠵᠠᠬᠢᠳᠠᠯ ᠰᠣᠷᠪᠤᠯᠵᠢᠯᠠᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠤᠨ᠎ᠠ  ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号