ᠠᠵᠢᠯᠴᠢ ᠬᠥᠮᠥᠨ ᠳᠤ ᠬᠠᠪᠤᠷ ᠤᠨ ᠴᠠᠭ ᠡᠷᠲᠡ ᠢᠷᠡᠳᠡᠭ᠂ ᠠᠵᠢᠯ ᠤᠨ ᠬᠦᠮᠦᠨ ᠨᠡᠩ ᠴᠤ ᠡᠷᠲᠡ ᠢᠷᠡᠳᠡᠭ | ᠃ 2 ᠳ᠋ᠤᠭᠠᠷ ᠰᠠᠷ᠎ᠠ ᠶᠢᠨ 6 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠥᠬᠦ | ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ | ᠬᠢᠪᠡ᠃ ᠬᠤᠷᠠᠯ ᠤᠨ ᠲᠠᠷᠠᠭ᠎ᠠ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠢᠳᠡᠪᠬᠢᠲᠡᠢ ᠪᠠᠷ ᠴᠤᠤᠷᠢᠶᠠᠲᠤᠨ | ᠳᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠪᠣᠳᠠᠲᠠᠢ ᠠᠵᠢᠯᠯᠠᠭ᠎ᠠ ᠪᠠᠷ ᠢᠶᠠᠨ ᠠᠵᠢᠯ ᠬᠢᠵᠦ ᠦᠢᠯᠡᠰ ᠪᠣᠰᠬᠠᠬᠤ | ᠴᠤᠭ ᠰᠦᠯᠳᠡ ᠶᠢ ᠦᠷᠭᠦᠯᠵᠢᠯᠡᠨ ᠪᠠᠳᠠᠷᠠᠭᠤᠯᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ | ᠪᠠᠶᠢᠭᠤᠯᠬᠤ ᠲᠡᠦᠬᠡ ᠶᠢᠨ ᠬᠦᠨᠳᠦ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠴᠤᠭ ᠵᠢᠪᠬᠤᠭ᠎ᠠ ᠲᠠᠢ ᠳᠦᠷᠰᠦ | ᠪᠠᠶᠢᠳᠠᠯ ᠢᠶᠠᠷ ᠪᠠᠶᠢᠷᠢᠯᠠᠭᠤᠯᠤᠯᠲᠠ ᠬᠢᠵᠡᠢ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠤᠷᠢᠶ᠎ᠠ | 2 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠬᠤᠷᠢᠶ᠎ᠠ 2025 ᠣᠨ ᠤ 2 ᠳ᠋ᠤᠭᠠᠷ ᠤᠳᠠᠭᠠᠨ ᠤ ᠵᠥᠪᠯᠡᠯ ᠬᠤᠷᠠᠯᠳᠤᠭᠤᠯᠵᠤ᠂ ᠳᠡᠭᠡᠳᠦ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ᠂ ᠣᠷᠣᠨ ᠤ 2025 ᠣᠨ ᠤ ᠠᠵᠢᠯ ᠤᠨ | ᠬᠤᠷᠠᠯ ᠵᠢᠴᠢ ᠣᠷᠣᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠠᠵᠢᠯ ᠤᠨ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠪᠠ᠃ | | | | | ᠬᠤᠷᠠᠯ ᠠᠴᠠ ᠱᠠᠭᠠᠷᠳᠠᠭᠰᠠᠨ ᠨᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠬᠦ ᠺᠠᠳ᠋ᠷᠴᠤᠳ ᠢ | ᠦᠳᠲᠡᠷ ᠲᠦᠷᠭᠡᠨ ᠰᠡᠳᠬᠢᠯ ᠰᠠᠨᠠᠭ᠎ᠠ ᠪᠠᠨ ᠬᠤᠷᠢᠶᠠᠵᠤ᠂ ᠪᠠᠶᠢᠳᠠᠯ ᠢ ᠨᠢ ᠲᠣᠬᠢᠷᠠᠭᠤᠯᠵᠤ᠂ ︽ᠲᠦᠷᠭᠡᠨ᠂ | ᠣᠨᠣᠪᠴᠢᠲᠠᠶ᠂ ᠪᠣᠳᠠᠲᠠᠢ᠂ ᠴᠢᠩᠭ᠎ᠠ︾ ᠶᠢᠨ ᠬᠠᠮ ᠨᠢᠳᠤᠷᠭ᠎ᠠ ᠭᠠᠷᠭᠠᠵᠤ᠂ ᠨᠠᠩ ᠲᠡᠭᠦᠯᠳᠡᠷ ᠣᠶᠤᠨ ᠰᠠᠨᠠᠭᠠᠨ ᠤ | ᠳᠦᠷᠰᠦ ᠪᠠᠶᠢᠳᠠᠯ᠂ ᠨᠠᠩ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ᠂ ︽ᠶᠠᠭᠤ ᠴᠤ ᠬᠡᠯᠡᠬᠦ ᠦᠭᠡᠢ᠂ | ᠬᠢᠴᠢᠬᠡᠭᠡᠳ ᠮᠡᠳᠡᠶ᠎ᠡ︾ ᠭᠡᠬᠦ ᠡᠷᠡᠰ ᠰᠢᠭᠤᠷᠬᠠᠢ ᠣᠪᠣᠷ ᠭᠠᠷᠭᠠᠵᠤ᠂ ︽ᠬᠡᠯᠡᠭᠰᠡᠨ ᠪᠣᠯ ᠬᠢᠵᠦ᠂ ᠬᠢᠭᠰᠡᠨ ᠪᠣᠯ | ᠰᠠᠶᠢᠨ ᠬᠢᠬᠦ︾ ᠡᠭᠦᠷᠭᠡᠯᠡᠯ ᠢ ᠪᠠᠳᠠᠷᠠᠭᠤᠯᠤᠨ᠂ ᠬᠢᠨᠠᠯᠲᠠ ᠲᠠᠯᠪᠢᠵᠤ ᠪᠠᠲᠤᠯᠠᠨ ᠬᠡᠷᠡᠭᠵᠢᠭᠦᠯᠬᠦ᠂ ᠲᠡᠭᠦᠯᠳᠡᠷᠵᠢᠭᠦᠯᠦᠨ | ᠬᠥᠭᠵᠢᠭᠦᠯᠬᠦ ᠶᠢ ᠠᠬᠢᠭᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠣᠷᠣᠨ ᠤ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 60 ᠬᠦᠴᠦᠷᠬᠡᠭ ᠲᠤ ᠣᠷᠣᠬᠤ᠂ ︽ᠬᠤᠶᠠᠷ | ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠦᠢᠯᠡᠴᠢᠯᠡᠭᠡᠨ ᠤ | ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ | 2 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠠᠵᠤ ᠠᠬᠤᠢ ᠶᠢᠨ ᠬᠥᠭᠵᠢᠯᠲᠡ ᠶᠢᠨ | ᠲᠣᠪᠴᠢᠶ᠎ᠠ 2025 ᠣᠨ ᠤ ᠭᠤᠣᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠣᠷᠣᠨ ᠤ | ᠬᠤᠳᠠᠯᠳᠤᠭᠠᠴᠢᠨ ᠤᠷᠢᠵᠤ ᠪᠡᠯᠡ ᠲᠠᠲᠠᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠡ᠃ | | | | ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ ᠴᠤᠭ ᠰᠦᠯᠳᠡ ᠪᠠᠨ ᠪᠠᠳᠠᠷᠠᠭᠤᠯᠵᠤ᠂ ᠪᠠᠶᠢᠳᠠᠯ ᠢ | ᠰᠢᠯᠢᠳᠡᠭᠵᠢᠭᠦᠯᠵᠦ᠂ ︽ᠰᠢᠨ᠎ᠡ ᠵᠢᠯ ᠤᠨ ᠵᠠᠭᠪᠤᠷ︾ ᠠᠴᠠ ︽ᠠᠵᠢᠯ ᠤᠨ ᠵᠠᠭᠪᠤᠷ︾ ᠪᠣᠯᠭᠠᠨ ᠲᠦᠷᠭᠡᠨ ᠲᠣᠬᠢᠷᠠᠭᠤᠯᠵᠤ᠂ | ᠬᠥᠳᠡᠯᠦᠯᠴᠡᠵᠦ᠂ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ ᠬᠥᠳᠡᠯᠬᠦ᠂ ᠡᠷᠲᠡ ᠠᠴᠠ ᠦᠷ᠎ᠡ ᠪᠦᠲᠦᠮᠵᠢ ᠣᠯᠬᠤ | ᠵᠠᠷᠴᠢᠮ ᠢᠶᠠᠷ᠂ ᠰᠡᠳᠬᠢᠴᠡ ᠪᠠᠨ ᠲᠣᠳᠣᠷᠬᠠᠶᠢᠯᠠᠵᠤ᠂ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠢᠶᠠᠨ | ᠨᠠᠷᠢᠯᠢᠭᠵᠢᠭᠤᠯᠵᠤ᠂ ᠡᠯ᠎ᠡ ᠵᠦᠢᠯ ᠤᠨ ᠴᠢᠬᠤᠯᠠ ᠶᠡᠭᠡ ᠡᠭᠦᠷᠭᠡ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠢ | ᠱᠠᠯᠠᠪᠳᠠᠨ ᠲᠣᠬᠢᠷᠠᠭᠤᠯᠵᠤ᠂ ᠲᠦᠷᠭᠡᠨ ᠨᠠᠶᠢᠳᠠᠪᠤᠷᠢᠵᠢᠭᠤᠯᠤᠨ᠂ ᠲᠥᠯᠥᠪᠯᠡᠭᠡ ᠶᠢ ᠲᠣᠩᠭᠤᠷᠤᠭᠤᠯᠤᠨ ᠪᠠᠶᠢᠷᠢᠯᠠᠭᠤᠯᠬᠤ᠂ | ᠵᠢᠷᠤᠭ ᠡᠯᠭᠦᠵᠦ ᠪᠠᠶᠢᠯᠳᠤᠬᠤ ᠶᠢ ᠪᠠᠷᠢᠮᠲᠠᠯᠠᠵᠤ᠂ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ ᠪᠠᠷ | ᠪᠦᠬᠦ ᠵᠢᠯ ᠤᠨ ᠠᠵᠢᠯ ᠢᠶᠠᠨ ᠰᠠᠶᠢᠨ ᠡᠬᠢᠯᠡᠵᠦ᠂ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ᠃ | | | | | ᠡᠬᠢ ᠪᠠᠶᠠᠯᠢᠭ ᠣᠷᠴᠢᠨ ᠲᠣᠭᠤᠷᠢᠨ ᠤ ᠲᠣᠪᠴᠢᠶ᠎ᠠ | 2 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠡᠬᠢ ᠪᠠᠶᠠᠯᠢᠭ ᠣᠷᠴᠢᠨ ᠲᠣᠭᠤᠷᠢᠨ ᠤ | ᠲᠣᠪᠴᠢᠶ᠎ᠠ ᠡᠯ᠎ᠡ ᠰᠠᠯᠠᠭ᠎ᠠ ᠲᠠᠰᠤᠭ ᠨᠢᠭᠡᠴᠡ ᠶᠢᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠵᠢᠴᠢ ᠪᠠᠶᠠᠷ ᠤᠨ | ᠳᠠᠷᠠᠭᠠᠬᠢ ᠰᠡᠳᠬᠢᠯ ᠢᠶᠠᠨ ᠬᠤᠷᠢᠶᠠᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ | ᠬᠠᠷᠠᠯᠲᠠ ᠱᠠᠭᠠᠷᠳᠠᠯᠭ᠎ᠠ᠂ ᠡᠩᠨᠡᠭᠡ ᠶᠢᠨ ᠪᠠᠶᠢᠭᠤᠯᠤᠯᠲᠠ ᠪᠠ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | | | | | ᠡᠬᠢ ᠪᠠᠶᠠᠯᠢᠭ ᠣᠷᠴᠢᠨ ᠲᠣᠭᠤᠷᠢᠨ ᠤ ᠲᠣᠪᠴᠢᠶ᠎ᠠ ᠦᠳᠲᠡᠷ ᠲᠦᠷᠭᠡᠨ ᠢᠶᠠᠷ ᠠᠵᠢᠯ ᠤᠨ ᠪᠠᠶᠢᠳᠠᠯ ᠳᠠᠭᠠᠨ | ᠣᠷᠣᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠰᠢᠨ᠎ᠡ ᠨᠢᠭᠡ ᠵᠢᠯ ᠤᠨ ᠠᠵᠢᠯ ᠤᠨ ᠬᠠᠷᠠᠯᠲᠠ ᠪᠣᠯᠣᠨ | ᠡᠭᠦᠷᠭᠡ ᠳᠡᠭᠡᠷ᠎ᠡ ᠨᠢᠭᠡᠳᠬᠡᠵᠦ᠂ ᠤᠷᠢᠳ ᠢᠶᠠᠷ ᠲᠦᠷᠭᠡᠨ ᠬᠥᠳᠡᠯᠦᠯᠴᠡᠵᠦ᠂ ᠤᠷᠢᠳ ᠢᠶᠠᠷ ᠡᠷᠲᠡ ᠠᠴᠠ ᠠᠳᠬᠤᠵᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠠᠢ ᠶᠢ ᠡᠷᠬᠢᠮᠯᠡᠨ ᠡᠭᠦᠷᠭᠡᠯᠡᠵᠦ᠂ ᠠᠵᠢᠯ ᠤᠨ ᠡᠭᠦᠷᠭᠡ | ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠠᠵᠢᠯ ᠤᠨ ᠲᠡᠰ ᠳᠠᠷᠠᠭᠠᠯᠠᠯ ᠢᠶᠠᠨ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠬᠤᠶᠢᠷᠭᠤᠰᠢᠭᠤᠯᠬᠤ | ᠦᠭᠡᠢ᠂ ᠡᠪᠯᠡᠭᠦᠯᠬᠦ ᠦᠭᠡᠢ ᠪᠠᠶᠢᠵᠤ᠂ ᠪᠦᠯᠬᠦᠮᠳᠡᠬᠦ ᠶᠢ ᠮᠡᠳᠡᠬᠦ᠂ ᠬᠠᠮᠵᠢᠯᠴᠠᠬᠤ ᠳᠠᠭᠠᠨ ᠴᠢᠳᠠᠮᠠᠭᠠᠢ᠂ | ᠬᠡᠷᠡᠭᠵᠢᠭᠦᠯᠦᠯᠲᠡ ᠶᠢ ᠠᠳᠬᠤᠬᠤ᠂ ᠲᠡᠷᠢᠭᠦᠨ ᠵᠡᠷᠭᠡ ᠶᠢ ᠲᠡᠮᠡᠴᠡᠨ ᠣᠯᠬᠤ᠂ ᠬᠤᠷᠢᠭ᠎ᠠ ᠱᠤᠭᠤᠮ ᠢ ᠰᠠᠬᠢᠬᠤ ᠶᠢ | ᠪᠡᠶᠡᠯᠡᠭᠦᠯᠵᠦ᠂ ᠨᠠᠮᠴᠢ ᠴᠢᠨᠠᠷ ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ᠂ ᠠᠮᠢᠵᠢᠷᠠᠯ ᠤᠨ ᠬᠦᠴᠦᠨ ᠲᠠᠢ᠂ | ᠨᠢᠭᠲᠠᠷᠠᠯ ᠤᠨ ᠬᠦᠴᠦᠨ ᠲᠠᠢ ᠪᠦᠯᠬᠦᠮ ᠨᠡᠶᠢᠲᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠬᠤ ᠲᠠᠪᠴᠢᠶ᠎ᠠ | 2 ᠰᠠᠷ᠎ᠠ ᠶᠢᠨ 8 ᠤ ᠦᠳᠡ ᠶᠢᠨ ᠬᠤᠶᠢᠨ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠣᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠬᠥᠭᠵᠢᠯᠲᠡ ᠳᠤ ᠦᠢᠯᠡᠴᠢᠯᠡᠬᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ᠂ ᠠᠭᠤᠰᠤᠯᠴᠠᠭᠤᠯᠤᠨ ᠳᠡᠭᠡᠭᠰᠢᠯᠡᠭᠦᠯᠬᠦ᠂ ᠲᠡᠷᠢᠭᠦᠨ ᠤ ᠬᠢ ᠶᠢ ᠴᠢᠷᠮᠠᠶᠢᠨ ᠡᠭᠦᠳᠬᠦ︾ ᠶᠡᠭᠡ | ᠰᠤᠷᠤᠯᠴᠠᠯᠭ᠎ᠠ᠂ ᠶᠡᠭᠡ ᠶᠠᠷᠢᠯᠴᠠᠭᠠᠨ ᠤ ᠳᠠᠶᠢᠴᠢᠯᠠᠯᠲᠠ ᠶᠢᠨ ᠬᠤᠷᠠᠯ ᠵᠢᠴᠢ 2025 ᠣᠨ ᠤ ᠭᠤᠣᠯᠳᠠᠯᠭ᠎ᠠ ᠲᠠᠢ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠪᠥᠬᠦ ᠣᠷᠣᠨ ᠤ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠪᠠ ︽ᠬᠥᠭᠵᠢᠯᠲᠡ ᠳᠤ ᠦᠢᠯᠡᠴᠢᠯᠡᠬᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠭᠤᠰᠤᠯᠴᠠᠭᠤᠯᠤᠨ ᠳᠡᠭᠡᠭᠰᠢᠯᠡᠭᠦᠯᠬᠦ᠂ ᠲᠡᠷᠢᠭᠦᠨ ᠤ ᠬᠢ ᠶᠢ | ᠴᠢᠷᠮᠠᠶᠢᠨ ᠡᠭᠦᠳᠬᠦ︾ ᠶᠡᠭᠡ ᠰᠤᠷᠤᠯᠴᠠᠯᠭ᠎ᠠ᠂ ᠶᠡᠭᠡ ᠶᠠᠷᠢᠯᠴᠠᠭᠠᠨ ᠤ ᠲᠤᠰᠬᠠᠢ ᠰᠡᠳᠦᠪᠲᠦ ᠠᠭᠤᠯᠭ᠎ᠠ ᠶᠢ | ᠪᠠᠶᠢᠷᠢᠯᠠᠭᠤᠯᠪᠠ᠃ | | | | | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠶᠡᠭᠡ ᠰᠤᠷᠤᠯᠴᠠᠯᠭ᠎ᠠ᠂ ᠶᠡᠭᠡ ᠶᠠᠷᠢᠯᠴᠠᠭᠠᠨ ᠤ ᠭᠤᠣᠯ ᠰᠡᠳᠦᠪ ᠤᠨ ᠲᠣᠭᠤᠷᠢᠨ ᠳᠤ᠂ 2025 ᠣᠨ ᠤ | ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠰᠡᠳᠬᠢᠴᠡ ᠪᠠᠨ | ᠡᠮᠬᠢᠯᠡᠵᠦ᠂ ᠤᠤᠯ ᠤᠨ ᠰᠡᠳᠬᠢᠬᠦᠢ ᠪᠠᠨ ᠡᠪᠳᠡᠵᠦ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ | ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠣᠨ ᠠᠵᠢᠯ ᠤᠨ ᠭᠤᠣᠯᠳᠠᠯᠭ᠎ᠠ ᠪᠠᠨ ᠣᠯᠵᠤ᠂ ᠳᠤᠷᠠᠳᠴᠤ ᠭᠠᠷᠭᠠᠭᠰᠠᠨ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠭᠦᠷᠭᠡ ᠶᠢ ᠭᠦᠨᠵᠡᠭᠡᠢ | ᠰᠤᠳᠤᠯᠤᠨ ᠶᠠᠷᠢᠯᠴᠠᠵᠤ᠂ ᠭᠤᠣᠯᠳᠠᠯᠭ᠎ᠠ ᠨᠢ ᠲᠣᠪᠣᠶᠢᠮ᠎ᠠ᠂ ᠬᠠᠷᠠᠯᠲᠠ ᠨᠢ ᠲᠣᠳᠣᠷᠬᠠᠢ᠂ ᠠᠷᠭ᠎ᠠ ᠬᠡᠮᠵᠢᠶ᠎ᠡ ᠨᠢ | ᠬᠡᠷᠡᠭᠵᠢᠭᠦᠯᠵᠦ ᠪᠣᠯᠬᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯ ᠤᠨ ᠪᠣᠳᠠᠲᠤ ᠪᠠᠶᠢᠳᠠᠯ ᠳᠤ ᠨᠡᠶᠢᠴᠡᠬᠦ | ᠠᠵᠢᠯᠯᠠᠭᠠᠨ ᠤ ᠲᠥᠰᠥᠯ ᠢ ᠳᠤᠷᠠᠳᠪᠠ᠃ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠳᠡᠭᠡᠭᠰᠢᠯᠡᠯᠲᠡ ᠶᠢ ᠪᠦᠬᠦ | ᠬᠦᠴᠦᠨ ᠢᠶᠠᠷ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ | ᠬᠥᠭᠵᠢᠭᠡᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠵᠡᠷᠭᠡ | 2025 ᠣᠨ ᠤ ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠬᠡᠷᠡᠭᠵᠢᠭᠦᠯᠪᠡ᠃ ᠬᠠᠤᠯᠢ | ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠲᠠᠶᠢᠯᠤᠮᠵᠢ ᠶᠢ | ᠲᠠᠰᠤᠷᠠᠯᠲᠠ ᠦᠭᠡᠢ ᠴᠢᠩᠭᠠᠳᠬᠠᠵᠤ᠂ ᠨᠡᠶᠢᠲᠡᠯᠢᠭ ᠲᠤᠷᠰᠢᠯᠭ᠎ᠠ ᠪᠠᠷ ᠲᠣᠯᠢ ᠪᠣᠯᠭᠠᠵᠤ᠂ ᠭᠤᠣᠯ ᠣᠶᠤᠨ | ᠴᠢᠳᠠᠯ ᠢᠶᠠᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠳᠡᠭᠡᠷ᠎ᠡ ᠲᠠᠯᠪᠢᠵᠤ᠂ 2025 | ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | |