ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/2/12
    2 ᠰᠠᠷ᠎ᠠ ᠶᠢᠨ 8 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠪᠦᠬᠦ ᠣᠷᠣᠨ ᠢᠶᠠᠷ ᠢᠶᠠᠨ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠠᠷᠠᠯᠲᠠ ᠪᠠᠨ ᠲᠣᠭᠲᠠᠭᠠᠵᠤ᠂ ᠵᠢᠷᠤᠭ ᠡᠯᠭᠦᠨ ᠪᠠᠶᠢᠯᠳᠤᠵᠤ᠂ ᠪᠦᠬᠦ ᠣᠷᠣᠨ ᠤ ᠬᠦᠴᠦᠨ ᠢᠶᠠᠷ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠰᠣᠷᠢᠨᠵᠢᠨ ᠮᠠᠲ᠋ᠧᠷᠢᠶᠠᠯ ᠤᠨ ᠠᠷᠠᠯᠵᠢᠶᠠᠴᠢᠨ ᠤᠷᠢᠬᠤ ᠬᠡᠪᠴᠢᠶ᠎ᠡ ᠶᠢ ᠥᠷᠭᠡᠳᠬᠡᠵᠦ᠂ ︽ᠨᠢᠭᠡ ᠴᠡᠭ ᠢ ᠴᠢᠬᠤᠯᠠᠴᠢᠯᠠᠵᠤ᠂ ᠤᠯᠠᠨ ᠴᠡᠭ ᠲᠤ ᠴᠡᠴᠡᠭᠯᠡᠭᠦᠯᠬᠦ︾ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠰᠣᠷᠢᠨᠵᠢᠨ ᠮᠠᠲ᠋ᠧᠷᠢᠶᠠᠯ ᠤᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠪᠠ ᠠᠩᠬᠠᠨ ᠤ ᠪᠦᠯᠦᠭ ᠳᠡᠳ᠋ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠢ ᠡᠯᠰᠡᠬᠦ ᠶᠢ ᠥᠴᠥᠬᠡᠨ ᠴᠦ ᠰᠤᠯᠠᠷᠠᠭᠤᠯᠤᠯ ᠦᠭᠡᠢ ᠲᠠᠲᠠᠵᠤ᠂ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠴᠢᠳᠠᠪᠤᠷᠢ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠶᠢ ᠳᠡᠮᠵᠢᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠴᠠᠭ ᠲᠤᠬᠠᠢ ᠳᠤᠨᠢ ᠠᠰᠢᠭᠯᠠᠯᠲᠠ ᠳᠤ ᠣᠷᠣᠭᠤᠯᠬᠤ ᠶᠢ ᠴᠢᠩᠭ᠎ᠠ ᠠᠳᠬᠤᠵᠤ  ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠰᠢᠨ᠎ᠡ ᠨᠡᠮᠡᠭᠳᠡᠯ ᠤᠨ ᠬᠡᠮᠵᠢᠶ᠎ᠡ᠂ ᠰᠢᠨ᠎ᠡ ᠳᠠᠪᠠᠭᠤᠯᠢᠭ ᠢ ᠬᠥᠭᠵᠢᠯᠲᠡ ᠶᠢᠨ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃     ᠬᠤᠷᠠᠯ ᠠᠴᠠ᠂ ᠴᠠᠬᠢᠯᠭᠠᠨ ᠮᠠᠰᠢᠨ ᠤ ᠠᠷᠠᠯᠵᠢᠶᠠᠴᠢᠨ ᠤᠷᠢᠬᠤ ᠬᠦᠷᠢᠶ᠎ᠡ ᠶᠢ ᠥᠷᠭᠡᠳᠬᠡᠵᠦ᠂ ︽ᠬᠡᠯᠬᠢᠶ᠎ᠡ ᠨᠢ ᠪᠦᠷᠢᠨ ᠪᠦᠲᠦᠨ᠂ ᠢᠵᠢ ᠪᠦᠷᠢᠳᠦᠭᠰᠡᠨ︾ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠪᠦᠯᠦᠭᠵᠢᠯ ᠢ ᠪᠦᠷᠢᠯᠳᠦᠭᠦᠯᠬᠦ ᠬᠡᠷᠡᠭᠲᠡᠢ᠃ ᠠᠳᠠᠯᠢ ᠪᠤᠰᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠢ ᠨᠠᠷᠢᠯᠢᠭ ᠣᠨᠣᠴᠠᠲᠠᠢ ᠪᠠᠷ ᠲᠡᠳᠡᠨ ᠣᠷᠣᠭᠤᠯᠵᠤ᠂ ᠵᠠᠬ᠎ᠠ ᠳᠡᠯᠭᠡᠭᠦᠷ ᠤᠨ ᠲᠡᠷᠢᠭᠦᠨ ᠤ ᠠᠵᠤ ᠠᠬᠤᠶᠢᠯᠠᠯ ᠪᠠ ᠢᠵᠢ ᠪᠦᠷᠢᠳᠦᠭᠦᠯᠬᠦ ᠠᠵᠤ ᠠᠬᠤᠶᠢᠯᠠᠯ ᠢ ᠨᠠᠷᠢᠨ ᠬᠤᠪᠢᠶᠠᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠴᠤᠭᠯᠠᠷᠠᠯ ᠤᠨ ᠦᠢᠯᠡᠳᠦᠯ ᠢ ᠪᠠᠳᠠᠷᠠᠭᠤᠯᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ︽ᠭᠤᠣᠯ ᠪᠠ ᠳᠡᠳ᠋ ᠬᠠᠷᠢᠯᠴᠠᠨ ᠬᠠᠪᠰᠤᠷᠤᠯᠴᠠᠬᠤ᠂ ᠪᠡᠯᠡ ᠣᠷᠣᠭᠤᠯᠵᠤ ᠲᠦᠷᠭᠡᠨ ᠠᠵᠢᠯᠯᠠᠬᠤ︾ ᠪᠠᠶᠢᠳᠠᠯ ᠢ ᠪᠣᠶ ᠪᠣᠯᠭᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号