ᠥᠪᠥᠷ ᠮᠣᠩᠭᠤᠯ ᠤᠨ ᠤᠯᠤᠰ ᠤᠨ ᠡᠭᠦᠳᠦᠯᠲᠡ ᠶᠢᠨ ᠬᠤᠪᠣᠷ ᠰᠢᠷᠣᠢ ᠶᠢᠨ ᠪᠦᠲᠦᠭᠡᠭᠳᠡᠬᠦᠨ ᠤ ᠬᠡᠷᠡᠯ ᠤᠨ ᠴᠢᠳᠠᠪᠬᠢᠳᠣ ᠮᠠᠲ᠋ᠧᠷᠢᠶᠠᠯ ᠦᠳᠳᠦᠷ ᠦᠢᠯᠡᠳᠪᠦᠷᠢᠯᠡᠭᠳᠡᠭᠦ ᠪᠠᠷ ᠪᠣᠢ
ᠨᠡᠶᠢᠲᠡᠯᠡᠭᠰᠡᠨ ᠴᠠᠭ᠄
2025/2/12
    ᠥᠪᠥᠷ ᠮᠣᠩᠭᠤᠯ ᠤᠨ ᠭᠦᠸᠧ ᠴᠣᠸᠠᠩ ᠬᠤᠪᠣᠷ ᠰᠢᠷᠣᠢ ᠶᠢᠨ ᠪᠦᠲᠦᠭᠡᠭᠳᠡᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︵ᠳᠣᠷᠣᠭᠰᠢ ᠭᠦᠸᠧ ᠴᠣᠸᠠᠩ ᠬᠤᠪᠣᠷ ᠴᠤᠬᠠᠭ ᠪᠦᠲᠦᠭᠡᠭᠳᠡᠬᠦᠨ ᠭᠡᠵᠦ ᠲᠣᠪᠴᠢᠯᠠᠨ᠎ᠠ︶ ᠳᠤ ᠣᠷᠣᠬᠤ ᠳᠤ᠂ ᠣᠲᠣ ᠶᠠᠭ ᠪᠠᠶᠢᠭᠤᠯᠵᠤ ᠪᠠᠶᠢᠭ᠎ᠠ 4 ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠬᠡᠮᠵᠢᠶ᠎ᠡ ᠪᠠᠷ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠪᠠ 1 ᠲᠤᠷᠰᠢᠯᠲᠠ ᠶᠢᠨ ᠲᠠᠰᠤᠭ ᠨᠢ ᠨᠢᠳᠦᠨ ᠳᠤ ᠲᠣᠳᠣᠷᠠᠵᠤ᠂ ᠣᠲᠣ ᠨᠢᠭᠡᠨᠲᠡ ᠪᠦᠲᠦᠭᠡᠨ ᠪᠠᠶᠢᠭᠤᠯᠤᠯᠲᠠ ᠶᠢᠨ ᠡᠴᠦᠰ ᠤᠨ ᠱᠠᠲᠤᠨ ᠳᠤ ᠣᠷᠣᠭᠠᠳ ᠪᠠᠶᠢᠨ᠎ᠠ᠃
    ᠴᠠᠭᠠᠨ ᠰᠠᠷ᠎ᠠ ᠠᠴᠠ ᠡᠮᠦᠨᠡᠬᠡᠨ᠂ ᠬᠤᠪᠣᠷ ᠰᠢᠷᠣᠢ ᠶᠢᠨ ᠭᠡᠷᠡᠯ ᠤᠨ ᠴᠢᠳᠠᠪᠬᠢᠲᠤ ᠮᠠᠲ᠋ᠧᠷᠢᠶᠠᠯ ᠢ ᠵᠢᠩᠬᠢᠨᠢ ᠪᠠᠷ ᠦᠢᠯᠡᠳᠪᠦᠷᠢᠯᠡᠵᠦ᠂ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠬᠤᠭᠤᠰᠤᠨ ᠢ ᠨᠥᠬᠦᠪᠦᠷᠢᠯᠡᠬᠦ ᠪᠣᠯᠣᠨ᠎ᠠ᠃ ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠬᠡᠷᠡᠭᠯᠡᠯᠲᠡ ᠥᠷᠭᠡᠨ ᠳᠡᠯᠭᠡᠷ ᠪᠠᠶᠢᠵᠤ᠂ ᠣᠶᠤᠨᠴᠢ ᠭᠡᠷᠡᠯᠲᠦᠭᠦᠯᠭᠡ ᠶᠢᠨ ᠬᠦᠷᠢᠶᠡᠨ ᠳᠤ ᠡᠯ᠎ᠡ ᠲᠥᠷᠥᠯ ᠤᠨ ᠲᠠᠯᠠᠪᠤᠷ ᠭᠠᠵᠠᠷ ᠲᠤ ᠴᠢᠨᠠᠷ ᠰᠠᠶᠢᠲᠠᠢ ᠰᠢᠢᠳᠪᠦᠷᠢᠯᠡᠬᠦ ᠲᠥᠰᠥᠯ ᠬᠠᠩᠭᠠᠵᠤ᠂ ᠴᠠᠭᠠᠰᠤ ᠬᠡᠷᠡᠭᠯᠡᠬᠦ ᠦᠭᠡᠢ ᠬᠡᠷᠡᠭᠯᠡᠭᠡᠨ ᠤ ᠥᠭᠡᠷᠡᠴᠢᠯᠡᠯᠲᠡ ᠶᠢᠨ ᠲᠠᠯ᠎ᠠ ᠪᠠᠷ ᠡᠯ᠎ᠡ ᠠᠵᠢᠯ ᠲᠥᠷᠥᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ᠃
    ᠭᠦᠸᠧ ᠴᠣᠸᠠᠩ ᠬᠤᠪᠣᠷ ᠰᠢᠷᠣᠢ ᠶᠢᠨ ᠪᠦᠳᠦᠭᠡᠭᠳᠡᠭᠦᠨ ᠤ ᠬᠡᠷᠡᠭ ᠮᠡᠳᠡᠭᠴᠢ ᠳᠠᠷᠤᠭ᠎ᠠ ᠯᠢᠦ ᠫᠧᠩ᠄ ︽ᠥᠩᠭᠡᠷᠡᠭᠰᠡᠨ ᠳᠤ᠂ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠭᠠᠷᠤᠯᠲᠠ ᠶᠢ ᠬᠡᠮᠵᠢᠬᠦ ᠭᠤᠭᠴᠤᠭ᠎ᠠ ᠶᠢᠨ ᠳᠤᠲᠠᠭᠳᠠᠯ  ᠨᠢ ᠬᠤᠪᠣᠷ ᠰᠢᠷᠣᠢ ᠶᠢᠨ ᠬᠡᠷᠡᠯ ᠤᠨ ᠬᠡᠷᠡᠭᠯᠡᠭᠡᠨ ᠤ ᠬᠦᠷᠢᠶᠡᠨ ᠳᠠᠬᠢ ᠭᠦᠨᠵᠡᠭᠡᠢ ᠨᠡᠭᠡᠭᠡᠯᠲᠡ ᠶᠢ ᠬᠢᠵᠠᠭᠠᠷᠯᠠᠵᠤ ᠪᠠᠶᠢᠪᠠ ᠂ ᠭᠦᠸᠧ ᠴᠣᠸᠠᠩ ᠬᠤᠪᠣᠷ ᠡᠳ᠋ ᠤᠨ ᠦᠢᠯᠡᠳᠪᠦᠷᠢᠯᠡᠭᠰᠡᠨ ᠣᠯᠠᠨ ᠵᠦᠢᠯ ᠤᠨ ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠳᠣᠲᠣᠷᠠᠬᠢ ᠬᠤᠪᠣᠷ ᠰᠢᠷᠣᠢ ᠶᠢᠨ ᠬᠡᠷᠡᠯ ᠤᠨ ᠴᠢᠮᠡᠭᠯᠡᠯ ᠤᠨ ᠬᠡᠷᠡᠯ ᠳᠠᠮᠵᠢᠭᠤᠯᠬᠤ ᠬᠠᠪᠲᠠᠰᠤ ᠨᠢ ᠬᠡᠷᠡᠯ ᠤᠨ ᠰᠣᠯᠢᠭᠳᠠᠯ ᠤᠨ ᠳᠣᠯᠭᠢᠶᠠᠨ ᠤ ᠣᠷᠳᠣ ᠶᠢ ᠣᠨᠣᠪᠴᠢᠲᠠᠶ ᠡᠵᠡᠮᠳᠡᠵᠦ᠂ LED ᠬᠡᠷᠡᠯ ᠡᠭᠦᠰᠬᠡᠭᠴᠢ ᠶᠢᠨ ᠬᠤᠣᠷᠲᠠᠢ ᠬᠥᠬᠡ ᠬᠡᠷᠡᠯ ᠤᠨ ᠠᠭᠤᠯᠤᠭᠳᠠᠴᠠ ᠶᠢ ᠪᠠᠭᠤᠷᠠᠭᠤᠯᠵᠤ᠂ ᠭᠡᠷᠡᠯᠲᠦᠭᠦᠯᠭᠡ ᠶᠢᠨ ᠲᠠᠯᠠᠪᠤᠷ ᠲᠤ ᠥᠷᠭᠡᠨ ᠢᠶᠠᠷ ᠬᠡᠷᠡᠭᠯᠡᠵᠦ ᠪᠠᠶᠢᠪᠠ︾ ᠭᠡᠵᠡᠢ᠃
    2024 ᠣᠨ ᠳᠤ᠂ ᠤᠯᠤᠰ ᠤᠨ ᠡᠭᠦᠳᠦᠯᠲᠡ ᠶᠢᠨ ᠬᠤᠪᠣᠷ ᠪᠠᠷᠠᠭᠠᠨ ᠤ ᠵᠠᠬᠢᠶᠠᠯᠠᠭ᠎ᠠ  2000 ᠲᠦᠮᠡᠨ ᠲᠥᠭᠦᠷᠢᠭ ᠢ ᠳᠠᠪᠠᠵᠤ᠂ ᠦᠢᠯᠡᠳᠬᠦᠨ ᠨᠢ ᠰᠤᠷᠭᠠᠨ ᠬᠥᠮᠦᠵᠢᠯ᠂ ᠬᠤᠳᠠ ᠶᠢᠨ ᠶᠠᠪᠤᠳᠠᠯ ᠤᠨ ᠭᠡᠷᠡᠯᠲᠦᠭᠦᠯᠭᠡ ᠵᠡᠷᠭᠡ ᠬᠦᠷᠢᠶᠡᠨ ᠳᠤ ᠬᠦᠮᠦᠰ ᠤᠨ ᠰᠠᠶᠢᠨ ᠦᠨᠡᠯᠡᠳᠡ ᠶᠢ ᠣᠯᠪᠠ᠃     ᠢᠷᠡᠭᠡᠳᠦᠢ ᠳᠤ᠂ ᠤᠯᠤᠰ ᠤᠨ ᠰᠢᠨ᠎ᠡ ᠶᠢ ᠡᠭᠦᠳᠬᠦ ᠬᠤᠪᠣᠷ ᠰᠢᠷᠣᠢ ᠶᠢᠨ ᠪᠦᠳᠦᠭᠡᠭᠳᠡᠭᠦᠨ ᠨᠢ ᠠᠵᠤ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠯᠲᠠ᠂ ᠪᠣᠬᠢᠷᠲᠤᠯ ᠦᠭᠡᠢ ᠲᠡᠰᠢ ᠲᠠᠪᠰᠢᠬᠤ ᠶᠢ ᠠᠬᠢᠭᠤᠯᠵᠤ᠂ ᠬᠤᠪᠣᠷ ᠰᠢᠷᠣᠢ ᠶᠢ ᠭᠡᠷᠡᠯ ᠢᠶᠠᠷ ᠤᠯᠠᠷᠢᠭᠤᠯᠬᠤ᠂ ᠭᠡᠷᠡᠯ ᠰᠠᠴᠤᠷᠠᠭᠤᠯᠬᠤ᠂ ᠥᠩᠭᠡ ᠢᠯᠡᠷᠡᠭᠦᠯᠬᠦ ᠭᠤᠷᠪᠠᠨ ᠶᠡᠭᠡ ᠬᠦᠷᠢᠶ᠎ᠡ ᠶᠢᠨ ᠲᠣᠭᠤᠷᠢᠨ ᠳᠤ ᠰᠢᠨ᠎ᠡ ᠮᠠᠲ᠋ᠧᠷᠢᠶᠠᠯ ᠢ ᠦᠷᠭᠦᠯᠵᠢᠯᠡᠨ ᠰᠤᠳᠤᠯᠤᠨ ᠨᠡᠭᠡᠭᠡᠬᠦ ᠪᠠ ᠦᠢᠯᠡᠳᠪᠦᠷᠢᠯᠡᠵᠦ᠂ ᠡᠯ᠎ᠡ ᠬᠦᠷᠢᠶ᠎ᠡ ᠳᠤ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠮᠡᠷᠭᠡᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠨᠡᠩ ᠶᠡᠭᠡ ᠥᠷᠢᠰᠦᠯᠳᠦᠬᠦ ᠬᠦᠴᠦᠨ ᠲᠠᠢ ᠦᠢᠯᠡᠳᠬᠦᠨ ᠭᠠᠷᠭᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠮ ᠡᠮᠨᠡᠯᠭᠡ ᠵᠡᠷᠭᠡ ᠬᠦᠷᠢᠶ᠎ᠡ ᠳᠤ ᠢᠳᠡᠪᠬᠢᠲᠡᠢ ᠪᠠᠶᠢᠷᠢᠯᠠᠭᠤᠯᠤᠨ᠎ᠠ᠃ ᠵᠢᠱᠢᠯᠲᠡ ᠪᠠᠷ 2025 ᠣᠨ ᠤ ᠪᠥᠬᠦ ᠵᠢᠯ ᠤᠨ ᠦᠢᠯᠡᠳᠬᠦᠨ ᠤ ᠥᠷᠲᠡᠭ ᠨᠢ 7000 ᠲᠦᠮᠡᠨ ᠲᠥᠭᠦᠷᠢᠭ ᠢ ᠳᠠᠪᠠᠭ᠋ᠤ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号