ᠴᠠᠭᠠᠨ ᠰᠠᠷ᠎ᠠ ᠶᠢᠨ ᠪᠠᠶᠠᠷ ᠤᠨ ᠰᠡᠭᠦᠯ ᠤᠨᠬᠠᠯᠠᠭᠤᠨ ᠨᠠᠮᠳᠠᠭᠠᠳᠤᠢ ᠪᠠᠷ ᠲᠡᠮᠡᠴᠡᠯ ᠤᠨ ᠪᠦᠷᠢᠶ᠎ᠡ ᠬᠠᠩᠭᠢᠨᠠᠯ᠎ᠠ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠡᠯ᠎ᠡ ᠪᠠᠶᠢᠭᠤᠯᠵᠤ ᠪᠠᠶᠢᠭ᠎ᠠ ᠲᠦᠷᠦᠯ ᠵᠦᠢᠯ ᠢ ︽ | ᠠᠮᠠᠷᠠᠯᠲᠠ ᠶᠢᠨ ᠬᠤᠭᠤᠴᠠᠭᠠᠨ ᠤ ᠵᠠᠭᠪᠤᠷ︾ ᠠᠴᠠ ︽ᠪᠠᠶᠢᠯᠳᠤᠭᠠᠨ ᠤ ᠪᠠᠶᠢᠳᠠᠯ︾ ᠪᠣᠯᠭᠠᠨ ᠲᠦᠷᠭᠡᠨ ᠰᠣᠯᠢᠵᠤ᠂ | ᠡᠬᠢᠯᠡᠮᠡᠭᠴᠡ ᠪᠠᠨ ᠠᠵᠢᠯ ᠢᠶᠠᠨ ᠡᠬᠢᠯᠡᠭᠦᠯᠵᠦ᠂ ᠡᠬᠢᠯᠡᠮᠡᠭᠴᠡ ᠪᠠᠨ ᠰᠢᠪᠲᠤᠯᠤᠯᠲᠠ ᠬᠢᠨ᠎ᠡ︕ ᠬᠠᠷᠠᠯᠲᠠ ᠲᠣᠳᠣᠷᠬᠠᠢ᠂ | ᠡᠭᠦᠷᠭᠡ ᠲᠣᠳᠣᠷᠬᠠᠢ᠂ ᠶᠡᠬᠡᠪᠡᠷ ᠠᠵᠢᠯᠯᠠᠵᠤ ᠲᠦᠷᠭᠡᠨ ᠠᠵᠢᠯᠯᠠᠵᠤ᠂ ᠴᠠᠭ ᠮᠥᠴᠡ ᠶᠢ ᠠᠯᠳᠠᠯ ᠦᠭᠡᠢ ᠠᠵᠢᠯᠯᠠᠵᠤ᠂ | ᠪᠣᠳᠠᠲᠠᠢ ᠠᠵᠢᠯᠯᠠᠬᠤ ᠪᠠᠷ ᠰᠢᠨ᠎ᠡ ᠪᠠᠶᠢᠳᠠᠯ ᠢ ᠡᠭᠦᠳᠴᠦ᠂ ᠡᠷᠡᠯᠬᠡᠭᠯᠡᠨ ᠲᠡᠮᠡᠴᠡᠬᠦ ᠪᠠᠷ ᠰᠢᠨ᠎ᠡ ᠬᠠᠭᠤᠳᠠᠰᠤ ᠶᠢ | ᠪᠢᠴᠢᠭᠯᠡᠨ᠎ᠡ᠃ | 01 ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ | ᠬᠢᠵᠠᠭᠠᠷᠲᠤ ᠺᠣᠮᠫᠠᠨᠢ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠥᠩᠭᠡᠷᠡᠭᠰᠡᠨ ᠤ ᠳᠠᠷᠠᠭ᠎ᠠ᠂ ᠸᠧ ᠯᠦᠩ ᠴᠠᠬᠢᠯᠭᠠᠨ | ᠬᠥᠳᠡᠯᠭᠡᠭᠦᠷ ︵ᠪᠤᠭᠤᠲᠤ︶ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠢᠵᠠᠭᠠᠷᠲᠤ ᠺᠣᠮᠫᠠᠨᠢ ᠨᠢᠭᠡᠨᠲᠡ | ᠰᠢᠪᠲᠤᠯᠤᠯᠲᠠ ᠶᠢᠨ ᠵᠠᠭᠪᠤᠷ ᠢᠶᠠᠨ ᠡᠬᠢᠯᠡᠭᠦᠯᠵᠦ᠂ ᠰᠢᠨ᠎ᠡ ᠵᠢᠯ ᠤᠨ ︽ᠰᠠᠶᠢᠨ ᠡᠬᠢᠯᠡᠯᠲᠡ ᠲᠠᠢ︾ ᠪᠠᠶᠢᠬᠤ ᠶᠢ ᠦᠨᠡᠨ | ᠬᠦ ᠪᠠᠲᠤᠯᠠᠪᠠ᠃ | | | | ᠦᠢᠯᠡᠳᠪᠦᠷᠢᠯᠡᠯ ᠤᠨ ᠲᠠᠰᠤᠭ᠃ | ᠦᠢᠯᠡᠳᠪᠦᠷᠢ ᠶᠢᠨ ᠲᠠᠰᠤᠭ ᠲᠠᠬᠢ ᠠᠵᠤ ᠦᠢᠯᠡᠳᠪᠦᠷᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ᠂ ᠰᠠᠯᠬᠢᠨ ᠬᠦᠴᠦᠨ ᠤ ᠴᠠᠬᠢᠯᠭᠠᠨ ᠮᠠᠰᠢᠨ ᠪᠣᠯᠣᠨ | ᠡᠨᠧᠷᠭᠢ ᠬᠠᠳᠠᠭᠠᠯᠠᠬᠤ ᠰᠢᠰᠲ᠋ᠧᠮ ᠵᠡᠷᠭᠡ ᠦᠢᠯᠡᠳᠪᠦᠷᠢᠯᠡᠯ ᠤᠨ ᠲᠥᠬᠦᠭᠡᠷᠦᠮᠵᠢ ᠶᠢ ᠤᠭᠰᠠᠷᠠᠭᠤᠯᠤᠨ ᠲᠤᠷᠰᠢᠬᠤ | ᠠᠵᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠲᠦᠭᠦᠬᠡᠢ ᠮᠠᠲ᠋ᠧᠷᠢᠶᠠᠯ ᠪᠣᠯᠣᠨ ᠬᠠᠭᠠᠰ ᠪᠦᠲᠦᠭᠡᠭᠳᠡᠬᠦᠨ ᠢ ᠬᠤᠳᠠᠯᠳᠤᠨ | ᠠᠪᠴᠤ ᠵᠥᠭᠡᠭᠡᠪᠦᠷᠢᠯᠡᠬᠦ᠂ ᠠᠵᠢᠯᠲᠠᠨ ᠤᠷᠢᠬᠤ᠂ ᠦᠢᠯᠡᠳᠪᠦᠷᠢᠯᠡᠯ ᠤᠨ ᠲᠥᠯᠥᠪᠯᠡᠭᠡ ᠲᠣᠭᠲᠠᠭᠠᠬᠤ ᠵᠡᠷᠭᠡ ᠠᠵᠢᠯ ᠢ | ᠨᠢᠭᠡᠨᠲᠡ ᠬᠡᠷᠡᠭᠵᠢᠭᠦᠯᠵᠦ᠂ ᠵᠢᠱᠢᠯᠲᠡ ᠪᠠᠷ 2 ᠰᠠᠷ᠎ᠠ ᠶᠢᠨ ᠳᠤᠮᠳᠠᠴᠢ ᠪᠠᠷ ᠵᠢᠩᠬᠢᠨᠢ ᠪᠠᠷ ᠪᠦᠬᠦ ᠲᠠᠯ᠎ᠠ ᠪᠠᠷ | ᠦᠢᠯᠡᠳᠪᠦᠷᠢᠯᠡᠬᠦ ᠱᠠᠲᠤᠨ ᠳᠤ ᠣᠷᠣᠬᠤ ᠪᠣᠯᠣᠨ᠎ᠠ᠃ | | | | ᠠᠵᠢᠯᠲᠠᠳ ᠣᠳᠣ ᠶᠠᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠪᠠᠢᠨ᠎ᠠ᠃ | | | | ᠠᠵᠢᠯᠲᠠᠳ ᠣᠳᠣ ᠶᠠᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠪᠠᠢᠨ᠎ᠠ᠃ | | | | ᠺᠣᠮᠫᠠᠨᠢ ᠶᠢᠨ ᠦᠢᠯᠡᠳᠪᠦᠷᠢᠯᠡᠭᠰᠡᠨ ᠠᠭᠤᠷᠬᠠᠢ ᠶᠢᠨ ᠮᠠᠰᠢᠨ ᠲᠡᠷᠭᠡᠨ ᠳᠤ ᠬᠡᠷᠡᠭᠯᠡᠬᠦ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ ᠤ ᠲᠥᠬᠦᠭᠡᠷᠦᠮᠵᠢ᠃ | ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ | ᠬᠢᠵᠠᠭᠠᠷᠲᠤ ᠺᠣᠮᠫᠠᠨᠢ 2024 ᠣᠨ ᠤ 9 ᠰᠠᠷ᠎ᠠ ᠳᠤ ᠵᠢᠩᠬᠢᠨᠢ ᠪᠠᠷ ᠨᠠᠲ᠋ᠦ᠋ᠩ ᠤᠨ ᠳᠡᠭᠡᠳᠦ ᠬᠢᠵᠠᠭᠠᠷ ᠲᠤ ᠬᠦᠷᠴᠦ᠂ | 2024 ᠣᠨ ᠳᠤ 0.29 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ 2025 | ᠣᠨ ᠳᠤ᠂ ᠸᠧ ᠯᠦᠩ ᠪᠤᠭᠤᠲᠤ ᠶᠢᠨ ᠲᠣᠭᠲᠠᠮᠠᠯ ᠰᠣᠷᠢᠨᠵᠢᠨ ᠤ ᠺᠣᠮᠫᠠᠨᠢ 4 ᠦᠢᠯᠡᠳᠪᠦᠷᠢᠯᠡᠯ ᠤᠨ ᠱᠤᠭᠤᠮ ᠤᠨ | ᠪᠥᠬᠦ ᠲᠠᠯ᠎ᠠ ᠶᠢᠨ᠂ ᠲᠣᠭᠲᠠᠭᠤᠨ᠂ ᠦᠷᠭᠦᠯᠵᠢᠯᠡᠬᠦ ᠦᠢᠯᠡᠳᠪᠦᠷᠢᠯᠡᠯ ᠢᠶᠠᠷ ᠰᠠᠭᠤᠷᠢ ᠪᠣᠯᠭᠠᠵᠤ᠂ ᠲᠣᠰ ᠪᠡᠶ᠎ᠡ ᠶᠢᠨ | ᠮᠡᠷᠭᠡᠵᠢᠯ ᠬᠢᠭᠡᠳ ᠠᠵᠢᠯ ᠲᠥᠷᠥᠯ ᠤᠨ ︽ᠬᠡᠯᠬᠢᠶᠡᠨ ᠤ ᠡᠵᠡᠨ︾ ᠤ ᠳᠠᠪᠠᠭᠤᠯᠢᠭ ᠢᠶᠠᠨ ᠪᠠᠳᠠᠷᠠᠭᠤᠯᠵᠤ᠂ | ᠬᠡᠯᠬᠢᠶᠡᠨ ᠤ ᠨᠥᠬᠦᠪᠦᠷᠢ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ | ᠂ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ︵4 ᠳ᠋ᠦ᠋ᠭᠡᠷ ᠨᠣᠮᠧᠷᠲᠤ ᠦᠢᠯᠡᠳᠪᠦᠷᠢ ᠶᠢᠨ ᠭᠡᠷ ᠪᠠᠶᠢᠰᠢᠩ︶ | ᠤᠨ ᠪᠦᠲᠦᠭᠡᠨ ᠪᠠᠶᠢᠭᠤᠯᠤᠯᠲᠠ ᠶᠢ ᠴᠠᠭ ᠲᠤᠨᠢ ᠲᠣᠬᠢᠷᠠᠭᠤᠯᠤᠨ ᠡᠬᠢᠯᠡᠭᠦᠯᠵᠦ᠂ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠤ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠳᠤ ᠰᠢᠨ᠎ᠡ ᠨᠡᠮᠡᠭᠳᠡᠯ ᠤᠨ ᠬᠡᠮᠵᠢᠶ᠎ᠡ ᠨᠡᠮᠡᠷᠢᠯᠡᠨ᠎ᠡ᠃ | | | ᠦᠢᠯᠡᠳᠪᠦᠷᠢᠯᠡᠯ ᠤᠨ ᠲᠥᠬᠦᠭᠡᠷᠦᠮᠵᠢ ᠶᠢ ᠤᠭᠰᠠᠷᠠᠵᠤ ᠰᠢᠯᠭᠠᠬᠤ ᠠᠵᠢᠯ ᠢ ᠨᠢᠭᠡᠨᠲᠡ ᠪᠡᠶᠡᠯᠡᠭᠦᠯᠵᠡᠢ᠃ | 02 ᠥᠪᠥᠷ ᠮᠣᠩᠭᠤᠯ ᠤᠨ ᠶᠢᠦ ᠫᠤ ᠰᠤᠨ ᠴᠠᠬᠢᠯᠭᠠᠨ ᠤ ᠬᠢᠵᠠᠭᠠᠷᠲᠤ ᠺᠣᠮᠫᠠᠨᠢ | ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠨᠢᠭᠡᠳᠦᠭᠡᠷ ᠡᠳᠦᠷ᠂ | ᠪᠤᠭᠤᠲᠤ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠳᠤ ᠣᠷᠣᠵᠤ | ᠰᠠᠭᠤᠭᠰᠠᠨ ᠥᠪᠥᠷ ᠮᠣᠩᠭᠤᠯ ᠤᠨ ᠶᠢᠦ ᠫᠤ ᠰᠤᠨ ᠴᠠᠬᠢᠯᠭᠠᠨ ᠤ ᠬᠢᠵᠠᠭᠠᠷᠲᠤ ᠺᠣᠮᠫᠠᠨᠢ ᠨᠢᠭᠡᠨᠲᠡ | ᠦᠢᠯᠡᠳᠪᠦᠷᠢᠯᠡᠯ ᠢᠶᠠᠨ ᠰᠡᠷᠭᠦᠭᠡᠵᠦ᠂ 20 ᠰᠠᠤᠷᠢ ᠲᠣᠮᠣ ᠬᠡᠯᠪᠡᠷᠢ ᠶᠢᠨ ᠦᠢᠯᠡᠳᠪᠦᠷᠢ ᠠᠭᠤᠷᠬᠠᠢ ᠳᠤ ᠬᠡᠷᠡᠭᠯᠡᠬᠦ | ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠢᠶᠠᠨ ᠱᠠᠯᠠᠪᠳᠠᠨ ᠬᠢᠵᠦ ᠪᠤᠢ᠃ | | ᠠᠵᠢᠯᠲᠠᠳ ᠣᠳᠣ ᠶᠠᠭ ᠲᠥᠬᠦᠭᠡᠷᠦᠮᠵᠢ ᠳᠤ ᠪᠠᠢᠴᠠᠭᠠᠯᠲᠠ ᠬᠢᠵᠦ ᠪᠠᠢᠨ᠎ᠠ᠃ | | ᠠᠵᠢᠯᠲᠠᠳ ᠣᠳᠣ ᠶᠠᠭ ᠦᠢᠯᠡᠳᠬᠦᠨ ᠳᠤ ᠲᠣᠬᠢᠷᠠᠭᠤᠯᠤᠯᠲᠠ ᠬᠢᠵᠦ ᠪᠠᠢᠨ᠎ᠠ᠃ | | ᠠᠵᠢᠯᠲᠠᠳ ᠣᠳᠣ ᠶᠠᠭ ᠦᠢᠯᠡᠳᠬᠦᠨ ᠳᠤ ᠰᠢᠯᠭᠠᠨ ᠪᠠᠢᠴᠠᠭᠠᠯᠲᠠ ᠬᠢᠵᠦ ᠪᠠᠢᠨ᠎ᠠ᠃ | ᠥᠪᠥᠷ ᠮᠣᠩᠭᠤᠯ ᠤᠨ ᠶᠢᠦ ᠫᠤ ᠰᠧᠨ ᠴᠠᠬᠢᠯᠭᠠᠨ ᠤ ᠬᠢᠵᠠᠭᠠᠷᠲᠤ ᠺᠣᠮᠫᠠᠨᠢ ᠣᠨᠴᠠ ᠥᠨᠳᠥᠷ ᠦᠷ᠎ᠡ | ᠠᠰᠢᠭ ᠲᠠᠢ ᠲᠣᠭᠲᠠᠮᠠᠯ ᠰᠣᠷᠢᠨᠵᠢᠨ ᠤ ᠢᠵᠢᠯ ᠠᠯᠬᠤᠮᠲᠤ ᠴᠠᠬᠢᠯᠭᠠᠨ ᠮᠠᠰᠢᠨ᠂ ᠳᠣᠣᠷ᠎ᠠ ᠬᠤᠷᠳᠤᠴᠠᠲᠤ ᠶᠡᠭᠡ | ᠮᠤᠰᠬᠢᠯᠳᠤ ᠮᠣᠮᠧᠨ᠋ᠲ ᠤᠨ ᠲᠣᠭᠲᠠᠮᠠᠯ ᠰᠣᠷᠢᠨᠵᠢᠨ ᠤ ᠰᠢᠭᠤᠳ ᠬᠥᠳᠡᠯᠭᠡᠭᠦᠷ ᠴᠠᠬᠢᠯᠭᠠᠨ ᠮᠠᠰᠢᠨ ᠤ ᠮᠡᠷᠭᠡᠵᠢᠯ ᠢ | ᠰᠤᠳᠤᠯᠤᠨ ᠨᠡᠭᠡᠭᠡᠬᠦ᠂ ᠦᠢᠯᠡᠳᠬᠦᠨ ᠤ ᠦᠢᠯᠡᠳᠪᠦᠷᠢᠯᠡᠯ᠂ ᠰᠢᠰᠲ᠋ᠥᠮ ᠤᠨ ᠡᠵᠡᠮᠳᠡᠯ᠂ ᠮᠡᠷᠭᠡᠵᠢᠯ ᠤᠨ ᠬᠡᠷᠡᠭᠯᠡᠭᠡ ᠵᠢᠴᠢ | ᠦᠢᠯᠡᠴᠢᠯᠡᠭᠡ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠩᠬᠠᠢ ᠶᠢᠨ ᠷᠦᠢ ᠴᠧᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠪᠢ | ᠡᠵᠡᠮᠳᠡᠬᠦ ᠬᠤᠪᠢᠶᠠᠷᠢ ᠺᠣᠮᠫᠠᠨᠢ ᠪᠣᠯᠣᠨ᠎ᠠ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1. | 01 ᠳ᠋ᠦᠩᠰᠢᠭᠤᠷ ᠲᠥᠭᠦᠷᠢᠭ ᠪᠠᠶᠢᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠵᠢᠯ ᠳᠤ | 1500 ᠰᠠᠤᠷᠢ ᠳᠣᠣᠷ᠎ᠠ ᠡᠷᠭᠢᠯᠲᠡ ᠶᠢᠨ ᠬᠤᠷᠳᠤᠴᠠ ᠲᠠᠢ ᠶᠡᠭᠡ ᠮᠤᠰᠬᠢᠯᠳᠤ ᠮᠣᠮᠧᠨ᠋ᠲ ᠤᠨ ᠠᠵᠤ | ᠦᠢᠯᠡᠳᠪᠦᠷᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠥᠷᠥᠯ ᠵᠦᠢᠯ ᠢ ᠪᠡᠯᠡ ᠣᠷᠣᠭᠤᠯᠤᠨ ᠪᠦᠲᠦᠭᠡᠨ | ᠪᠠᠶᠢᠭᠤᠯᠵᠤ᠂ ᠲᠥᠷᠥᠯ ᠵᠦᠢᠯ ᠢ 2024 ᠣᠨ ᠤ 8 ᠰᠠᠷ᠎ᠠ ᠶᠢᠨ 5 ᠤ ᠡᠳᠦᠷ ᠠᠴᠠ ᠡᠬᠢᠯᠡᠨ ᠦᠢᠯᠡᠳᠪᠦᠷᠢ ᠶᠢᠨ | ᠪᠠᠶᠢᠰᠢᠩ ᠤᠨ ᠬᠤᠶᠠᠳᠠᠭᠢ ᠤᠳᠠᠭᠠᠨ ᠤ ᠪᠦᠲᠦᠴᠡ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠲᠣᠨᠤᠭ | ᠲᠥᠬᠦᠭᠡᠷᠦᠮᠵᠢ ᠶᠢᠨ ᠤᠭᠰᠠᠷᠠᠯᠲᠠ ᠶᠢ ᠵᠡᠷᠭᠡ ᠪᠠᠷ ᠥᠷᠨᠢᠭᠦᠯᠵᠦ᠂ 11 ᠰᠠᠷ᠎ᠠ ᠠᠴᠠ ᠡᠬᠢᠯᠡᠨ ᠦᠢᠯᠡᠳᠪᠦᠷᠢᠯᠡᠪᠡ᠃ | ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠪᠣᠷᠤᠯᠠᠭᠤᠯᠭ᠎ᠠ ᠶᠢᠨ | ᠣᠷᠣᠯᠭ᠎ᠠ ᠶᠢ 5 ᠳ᠋ᠦᠩᠰᠢᠭᠤᠷ ᠲᠥᠭᠦᠷᠢᠭ ᠪᠡᠶᠡᠯᠡᠭᠦᠯᠵᠦ ᠪᠣᠯᠣᠨ᠎ᠠ᠃ | | ᠺᠣᠮᠫᠠᠨᠢ ᠶᠢᠨ ᠦᠢᠯᠡᠳᠪᠦᠷᠢᠯᠡᠭᠰᠡᠨ ᠠᠵᠤ ᠦᠢᠯᠡᠳᠪᠦᠷᠢ ᠶᠢᠨ ᠴᠠᠬᠢᠯᠭᠠᠨ ᠮᠠᠰᠢᠨ ᠢ ᠲᠡᠷᠢ ᠲᠡᠭᠰᠢ ᠵᠢᠭᠰᠠᠭᠠᠪᠠ | ᠃ | 03 ᠪᠤᠭᠤᠲᠤ ᠶᠢᠨ ᠰᠢᠨ ᠯᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠨᠢᠭᠡᠳᠦᠭᠡᠷ ᠡᠳᠦᠷ᠂ | ᠪᠤᠭᠤᠲᠤ ᠶᠢᠨ ᠰᠢᠨ ᠯᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠦᠳᠲᠡᠷ ᠲᠦᠷᠭᠡᠨ ᠠᠵᠢᠯ ᠢᠶᠠᠨ | ᠡᠬᠢᠯᠡᠭᠦᠯᠵᠦ᠂ ᠴᠠᠭ ᠢ ᠠᠮᠵᠢᠨ ᠠᠬᠢᠴᠠ ᠶᠢ ᠠᠳᠬᠤᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠠᠮᠵᠢᠨ᠂ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠮᠠᠰᠢᠨ ᠰᠡᠯᠪᠢᠨ ᠵᠠᠰᠠᠬᠤ᠂ ᠪᠦᠲᠦᠭᠡᠭᠳᠡᠬᠦᠨ ᠤ ᠡᠮᠦᠨ᠎ᠡ ᠦᠵᠦᠭᠦᠷ ᠢ | ᠪᠣᠯᠪᠠᠰᠤᠷᠠᠭᠤᠯᠬᠤ ᠵᠡᠷᠭᠡ ᠦᠢᠯᠡᠳᠪᠦᠷᠢᠯᠡᠯ ᠤᠨ ᠭᠤᠭᠴᠤᠭ᠎ᠠ ᠶᠢ ᠡᠮᠬᠢ ᠵᠢᠷᠤᠮ ᠲᠠᠢ ᠠᠬᠢᠭᠤᠯᠵᠤ᠂ ᠺᠣᠮᠫᠠᠨᠢ ᠶᠢᠨ | ᠳᠡᠭᠡᠳᠦ ᠳᠣᠣᠷᠠᠳᠤ ᠱᠠᠲᠤᠨ ᠤ ᠬᠢᠨ ᠪᠥᠬᠦ ᠬᠦᠴᠦᠨ ᠢᠶᠠᠷ ᠢᠶᠠᠨ ᠠᠵᠢᠯ ᠤᠨ ᠪᠠᠶᠢᠳᠠᠯ ᠢᠶᠠᠨ ᠲᠣᠬᠢᠷᠠᠭᠤᠯᠤᠨ | ᠰᠢᠯᠢᠳᠡᠭᠵᠢᠭᠦᠯᠵᠦ᠂ ᠣᠨ ᠤ ᠰᠢᠨ᠎ᠡ ᠬᠠᠭᠤᠳᠠᠰᠤ ᠪᠠᠨ ᠡᠬᠢᠯᠡᠭᠦᠯᠪᠡ᠃ | | | ᠠᠵᠢᠯᠲᠠᠳ ᠣᠳᠣ ᠶᠠᠭ ᠮᠠᠰᠢᠨ ᠢ ᠲᠤᠷᠰᠢᠨ ᠲᠣᠬᠢᠷᠠᠭᠤᠯᠵᠤ ᠪᠠᠢᠨ᠎ᠠ᠃ | | ᠠᠵᠢᠯᠲᠠᠳ ᠣᠳᠣ ᠶᠠᠭ ᠮᠠᠰᠢᠨ ᠢ ᠰᠡᠯᠪᠢᠨ ᠵᠠᠰᠠᠵᠤ ᠪᠠᠢᠨ᠎ᠠ᠃ | | ᠦᠢᠯᠡᠳᠬᠦᠨ ᠤ ᠡᠮᠦᠨᠡᠬᠢ ᠬᠡᠰᠡᠭ ᠢ ᠪᠣᠯᠪᠠᠰᠤᠷᠠᠭᠤᠯᠬᠤ᠃ | ᠪᠤᠭᠤᠲᠤ ᠶᠢᠨ ᠰᠢᠨ ᠯᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯ ᠤᠯᠤᠰ ᠤᠨ ᠳᠣᠲᠣᠭᠠᠳᠤ ᠶᠢᠨ | ᠠᠩᠬᠠᠳᠠᠭᠴᠢ ᠪᠦᠯᠦᠭ ᠣᠨᠴᠠᠭᠠᠢ ᠬᠡᠯᠪᠡᠷᠢ ᠶᠢᠨ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠢ ᠵᠠᠬᠢᠶᠠᠯᠠᠨ | ᠦᠢᠯᠡᠳᠴᠦ ᠪᠣᠯᠬᠤ ᠠᠵᠤ ᠠᠬᠤᠶᠢᠯᠠᠯ ᠪᠣᠯᠣᠨ᠎ᠠ᠂ ᠦᠢᠯᠡᠳᠬᠦᠨ ᠨᠢ ᠬᠤᠪᠣᠷ ᠰᠢᠷᠣᠢ ᠶᠢᠨ ᠠᠵᠤ ᠦᠢᠯᠡᠰ ᠤᠨ | ᠬᠡᠯᠬᠢᠶ᠎ᠡ ᠶᠢᠨ ᠳᠤᠮᠳᠠ ᠠᠷᠤ ᠦᠵᠦᠭᠦᠷ ᠲᠤ ᠣᠷᠣᠰᠢᠵᠤ᠂ ᠲᠡᠭᠦᠨ ᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ | ᠨᠠᠷᠢᠯᠢᠭ ᠡᠳ᠋ᠰᠢᠭᠦᠯᠦᠯᠲᠡ ᠶᠢᠨ ᠤᠷ᠎ᠠ ᠮᠡᠷᠭᠡᠵᠢᠯ ᠨᠢ ᠠᠵᠢᠯ ᠲᠦᠷᠦᠯ ᠤᠨ ᠳᠣᠲᠣᠷ᠎ᠠ ᠪᠠᠨ ᠲᠦᠷᠦᠭᠦᠯᠡᠬᠦ | ᠲᠦᠪᠰᠢᠨ ᠳᠤ ᠣᠷᠣᠰᠢᠨ᠎ᠠ᠃ 2024 ᠣᠨ ᠤ 11 ᠰᠠᠷ᠎ᠠ ᠶᠢᠨ ᠳᠤᠮᠳᠠᠴᠢ ᠪᠠᠷ ᠦᠢᠯᠡᠳᠪᠦᠷᠢᠯᠡᠯ ᠬᠢᠭᠰᠡᠨ ᠠᠴᠠ | ᠨᠠᠰᠢ᠂ ᠺᠣᠮᠫᠠᠨᠢ ᠲᠤᠰ ᠵᠢᠯ ᠳᠡᠭᠡᠨ 800 ᠭᠠᠷᠤᠢ ᠲᠦᠮᠡᠨ ᠲᠥᠭᠦᠷᠢᠭ ᠤᠨ ᠦᠢᠯᠡᠳᠬᠦᠨ ᠤ ᠦᠷᠳᠡᠭ ᠢ | ᠪᠡᠶᠡᠯᠡᠭᠦᠯᠵᠡᠢ᠃ | |