ᠴᠠᠭᠠᠨ ᠰᠠᠷ᠎ᠠ ᠳᠤ ᠦᠨᠳᠦᠰᠦᠨ ᠱᠠᠲᠤᠨ ᠳᠤ᠄ ᠤᠯᠤᠰ ᠤᠨ ᠰᠢᠨ᠎ᠡ ᠡᠭᠦᠳᠦᠯᠳᠡ ᠶᠢᠨ ᠬᠤᠪᠣᠷ ᠰᠢᠷᠣᠢ ᠶᠢᠨ ᠪᠦᠳᠦᠭᠡᠭᠳᠡᠭᠦᠨ ᠴᠠᠭᠠᠨ ᠰᠠᠷ᠎ᠠ ᠶᠢᠨ ᠪᠠᠶᠠᠷ ᠤᠨ ᠳᠠᠷᠠᠭ᠎ᠠ ᠠᠵᠢᠯ ᠢᠶᠠᠨ ᠰᠡᠷᠭᠦᠭᠡᠪᠡ᠄ ︽ᠬᠤᠪᠣᠷ ᠰᠢᠷᠣᠢ   ᠶᠢᠨ ᠭᠡᠷᠡᠯ ᠭᠡᠭᠡ︾ ︽ᠳᠣᠭᠰᠢᠨ ᠰᠢᠭᠤᠷᠭ᠎ᠠ︾ ᠶᠢᠨ ᠠᠶᠠᠨ ᠵᠦᠭ ᠤᠷᠤᠭᠰᠢᠯᠠᠨ᠎ᠠ
ᠨᠡᠶᠢᠲᠡᠯᠡᠭᠰᠡᠨ ᠴᠠᠭ᠄
2025/2/12
    2 ᠳ᠋ᠤᠭᠠᠷ ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠪᠠᠶᠠᠷ ᠰᠠᠶ᠋ᠢᠬᠠᠨ ᠦᠩᠭᠡᠷᠡᠭᠰᠡᠨ ᠢᠶᠠᠷ᠂ ᠰᠤᠷᠪᠤᠯᠵᠢᠯᠠᠭᠴᠢ ᠥᠪᠥᠷ ᠮᠣᠩᠭᠤᠯ ᠤᠨ ᠭᠦᠸᠧ ᠴᠣᠸᠠᠩ ᠴᠤᠬᠠᠭ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︵ᠭᠦᠸᠧ ᠴᠣᠸᠠᠩ ᠬᠤᠪᠣᠷ ᠴᠤᠬᠠᠭ ᠦᠢᠯᠡᠳᠬᠦᠨ ᠭᠡᠵᠦ ᠲᠣᠪᠴᠢᠯᠠᠨ᠎ᠠ︶ ᠳᠤ ᠬᠦᠷᠪᠡ᠃ ᠡᠨᠡ ᠦᠶ᠎ᠡ ᠳᠤ ᠠᠵᠤ ᠠᠬᠤᠶᠢᠯᠠᠯ ᠨᠢᠭᠡᠨᠲᠡ ᠠᠵᠢᠯ ᠢᠶᠠᠨ ᠪᠥᠬᠦ ᠲᠠᠯ᠎ᠠ ᠪᠠᠷ ᠰᠡᠷᠭᠦᠭᠡᠵᠦ᠂ ᠬᠤᠪᠣᠷ ᠰᠢᠷᠣᠢ ᠶᠢᠨ ᠬᠡᠷᠡᠯ ᠤᠨ ᠴᠢᠳᠠᠮᠵᠢ ᠶᠢᠨ ᠮᠠᠲ᠋ᠧᠷᠢᠶᠠᠯ ᠤᠨ ᠡᠬᠡ ᠮᠥᠬᠦᠯᠢᠭ ︵ᠬᠡᠷᠡᠯ ᠤᠨ ᠴᠢᠳᠠᠮᠵᠢ ᠶᠢᠨ ᠦᠵᠦᠭᠦᠷ ᠤᠨ ᠦᠢᠯᠡᠳᠬᠦᠨ ᠤ ᠵᠠᠩᠭᠢᠯᠠᠭ᠎ᠠ ᠶᠢᠨ ᠲᠦᠭᠦᠬᠡᠢ ᠮᠠᠲ᠋ᠧᠷᠢᠶᠠᠯ ᠤᠨ ᠨᠢᠭᠡ︶ ᠢ ᠱᠠᠯᠠᠪᠳᠠᠨ ᠦᠢᠯᠡᠳᠪᠦᠷᠢᠯᠡᠵᠦ ᠪᠠᠶᠢᠨ᠎ᠠ᠃     ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠫᠧᠩ ᠤᠨ ᠨᠢᠳᠦᠨ ᠳᠤ ᠣᠮᠣᠭᠰᠢᠯ ᠪᠠ ᠬᠦᠰᠡᠯ ᠢᠶᠠᠷ ᠳᠦᠭᠦᠷᠡᠩ ᠪᠠᠶᠢᠵᠤ᠂ ᠲᠡᠷᠡ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠤᠯᠤᠰ ᠤᠨ ᠡᠭᠦᠳᠦᠯᠲᠡ ᠶᠢᠨ ᠬᠤᠪᠣᠷ ᠰᠢᠷᠣᠢ ᠶᠢᠨ ᠪᠦᠳᠦᠭᠡᠭᠳᠡᠭᠦᠨ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠪᠣᠷ ᠰᠢᠷᠣᠢ ᠶᠢᠨ ᠭᠡᠷᠡᠯ ᠤᠨ ᠴᠢᠳᠠᠪᠬᠢᠲᠤ ᠮᠠᠲ᠋ᠧᠷᠢᠶᠠᠯ ᠢ ᠬᠡᠮᠵᠢᠶ᠎ᠡ ᠪᠠᠷ ᠦᠢᠯᠡᠳᠪᠦᠷᠢᠯᠡᠬᠦ ᠪᠣᠳᠠᠲᠤ ᠴᠣᠭᠴᠠ ᠶᠢᠨ ᠠᠵᠤ ᠠᠬᠤᠶᠢᠯᠠᠯ ᠪᠣᠯᠣᠨ᠎ᠠ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠬᠤᠭᠤᠰᠤᠨ ᠢ ᠨᠥᠬᠦᠪᠦᠷᠢᠯᠡᠵᠦ᠂ ᠪᠤᠭᠤᠲᠤ ᠬᠤᠳᠠ ᠶᠢᠨ ︿ᠬᠤᠶᠠᠷ ᠬᠤᠪᠣᠷ ᠰᠢᠷᠣᠢ ᠶᠢᠨ ᠰᠠᠭᠤᠷᠢᠨ﹀ ᠤ ᠪᠦᠲᠦᠭᠡᠨ ᠪᠠᠶᠢᠭᠤᠯᠤᠯᠲᠠ ᠳᠤ ᠰᠢᠨ᠎ᠡ ᠰᠣᠷᠭᠤᠭ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠪᠦᠬᠦ᠋ᠢᠯᠡ ᠬᠤᠪᠣᠷ ᠰᠢᠷᠣᠢ ᠶᠢᠨ ᠠᠵᠤ ᠦᠢᠯᠡᠰ ᠤᠨ ᠳᠡᠰ ᠳᠠᠪᠰᠢᠵᠤ ᠬᠡᠯᠪᠡᠷᠢ ᠪᠠᠨ ᠬᠤᠪᠢᠷᠠᠭᠤᠯᠬᠤ ᠳᠤ ᠰᠢᠨ᠎ᠡ ᠰᠡᠳᠭᠢᠮᠵᠢ ᠪᠣᠯᠣᠨ ᠴᠢᠭᠯᠡᠯ ᠢ ᠬᠠᠩᠭᠠᠵᠠᠢ︾ ᠭᠡᠪᠡ᠃     ᠤᠯᠤᠰ ᠤᠨ ᠡᠭᠦᠳᠦᠯᠲᠡ ᠶᠢᠨ  ᠬᠤᠪᠣᠷ ᠰᠢᠷᠣᠢ ᠶᠢᠨ ᠪᠦᠳᠦᠭᠡᠭᠳᠡᠭᠦᠨ ᠤ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1.5 ᠳ᠋ᠦᠩᠰᠢᠭᠤᠷ ᠲᠥᠭᠦᠷᠢᠭ ᠲᠤ ᠬᠦᠷᠴᠦ᠂ 4 ᠵᠤᠷᠪᠤᠰ ᠰᠢᠨ᠎ᠡ ᠭᠡᠷᠡᠯ ᠤᠨ ᠴᠢᠳᠠᠪᠬᠢᠲᠤ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠢ ᠪᠠᠷᠤᠭ 2400 ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢ ᠶᠢᠨ ᠪᠠᠶᠢᠰᠢᠩ ᠳᠤ ᠪᠠᠶᠢᠷᠢᠰᠢᠭᠤᠯᠣᠨ 3 ᠵᠤᠷᠪᠤᠰ ᠢ ᠨᠢ ᠶᠠᠭ ᠲᠤᠷᠰᠢᠨ ᠲᠣᠬᠢᠷᠠᠭᠤᠯᠵᠤ᠂ 1 ᠵᠤᠷᠪᠤᠰ ᠢ ᠨᠢ ᠲᠤᠷᠰᠢᠨ ᠦᠢᠯᠡᠳᠪᠦᠷᠢᠯᠡᠬᠦ ᠳᠤ ᠣᠷᠣᠭᠤᠯᠪᠠ᠃ 700 ᠰᠢᠬᠠᠮ ᠲᠡᠭᠰᠢ ᠳᠥᠷᠪᠡᠯᠵᠢᠨ ᠮᠧᠲᠷ ᠤᠨ ᠦᠵᠡᠭᠦᠯᠦᠯᠭᠡ ᠶᠢᠨ ᠲᠢᠩᠬᠢᠮ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠣᠨᠴᠠᠯᠢᠭ ᠪᠠ ᠬᠡᠷᠡᠭᠯᠡᠭᠡᠨ ᠤ ᠬᠡᠲᠦ ᠶᠢᠨ ᠲᠥᠯᠥᠪ ᠠᠴᠠ ᠠᠪᠤᠭᠠᠳ ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠦᠵᠦᠭᠦᠷ ᠤᠨ ᠦᠢᠯᠡᠳᠬᠦᠨ ᠤ ᠬᠡᠷᠡᠭᠯᠡᠯᠲᠡ ᠶᠢᠨ ᠬᠡᠪᠴᠢᠶ᠎ᠡ ᠬᠦᠷᠲᠡᠯ᠎ᠡ᠂ ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠲᠠᠲᠠᠬᠤ ᠬᠦᠴᠦᠨ ᠪᠠ ᠳᠠᠯᠳᠠ ᠬᠦᠴᠦᠨ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃ ᠤᠯᠤᠰ ᠤᠨ ᠲᠠᠰ ᠤᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠪᠦᠷᠢᠯᠳᠦᠭᠦᠯᠦᠭᠰᠡᠨ ᠲᠤᠷᠰᠢᠯᠲᠠ ᠶᠢᠨ ᠲᠠᠰᠤᠭ ᠢ ᠴᠤ ᠤᠳᠠᠯ ᠦᠭᠡᠢ ᠪᠠᠶᠠᠷ ᠤᠨ ᠡᠳᠦᠷ ᠤᠨ ᠳᠠᠷᠠᠭ᠎ᠠ ᠠᠰᠢᠭᠯᠠᠯᠲᠠ ᠳᠤ ᠣᠷᠣᠭᠤᠯᠬᠤ ᠪᠣᠯᠣᠨ᠎ᠠ ᠭᠡᠪᠠ᠃
    ᠭᠦᠸᠧ ᠴᠣᠸᠠᠩ ᠬᠤᠪᠣᠷ ᠰᠢᠷᠣᠢ ᠶᠢᠨ ᠪᠦᠳᠦᠭᠡᠭᠳᠡᠭᠦᠨ ᠤ ᠦᠵᠡᠭᠦᠯᠦᠯᠭᠡ ᠶᠢᠨ ᠲᠢᠩᠬᠢᠮ ᠤᠨ ᠳᠣᠲᠣᠭᠠᠳᠤ ᠳᠤ ᠯᠢᠦ ᠫᠧᠩ ᠲᠠᠨᠢᠯᠴᠠᠭᠤᠯᠬᠤ ᠳᠠᠭᠠᠨ᠂ 2025 ᠣᠨ ᠤ ᠲᠦᠷᠦᠯ ᠵᠦᠢᠯ ᠨᠢ ᠭᠤᠣᠯᠳᠠᠭᠤ ᠬᠤᠪᠣᠷ ᠰᠢᠷᠣᠢ ᠶᠢ ᠭᠡᠷᠡᠯ ᠢᠶᠠᠷ ᠬᠤᠪᠢᠷᠠᠭᠤᠯᠬᠤ᠂ ᠬᠤᠪᠣᠷ ᠰᠢᠷᠣᠢ ᠶᠢ ᠭᠡᠷᠡᠯ ᠢᠶᠠᠷ ᠰᠠᠴᠤᠷᠠᠭᠤᠯᠬᠤ᠂ ᠬᠤᠪᠣᠷ ᠰᠢᠷᠣᠢ ᠶᠢ ᠭᠡᠷᠡᠯ ᠢᠶᠠᠷ ᠢᠯᠡᠷᠡᠭᠦᠯᠬᠦ ᠭᠤᠷᠪᠠᠨ ᠬᠦᠷᠢᠶ᠎ᠡ ᠶᠢᠨ ᠲᠣᠭᠤᠷᠢᠨ ᠳᠤ ᠦᠢᠯᠡᠳᠪᠦᠷᠢᠯᠡᠯ ᠬᠢᠵᠦ ᠰᠤᠳᠤᠯᠤᠨ ᠨᠡᠭᠡᠭᠡᠬᠦ ᠠᠵᠢᠯ ᠥᠷᠨᠢᠭᠦᠯᠵᠡᠢ᠃ ᠡᠲᠡᠭᠡᠷ ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠬᠡᠷᠡᠭᠯᠡᠯᠲᠡ ᠥᠷᠭᠡᠨ ᠳᠡᠯᠭᠡᠷ ᠪᠠᠶᠢᠵᠤ᠂ ᠣᠶᠤᠨᠴᠢ ᠭᠡᠷᠡᠯᠲᠦᠭᠦᠯᠭᠡ ᠶᠢᠨ ᠬᠦᠷᠢᠶᠡᠨ ᠳᠤ᠂ ᠴᠢᠨᠠᠷ ᠰᠠᠶᠢᠲᠠᠢ ᠭᠡᠷᠡᠯᠲᠦᠭᠦᠯᠭᠡ ᠶᠢᠨ ᠲᠥᠰᠥᠯ ᠢ ᠲᠣᠭᠲᠠᠭᠠᠨ ᠦᠢᠯᠡᠳᠴᠦ᠂ ᠳ᠋ᠧᠩ ᠤᠨ ᠬᠡᠷᠡᠯ ᠤᠨ ᠣᠶᠤᠨᠴᠢ᠂ ᠡᠨᠧᠷᠭᠢ ᠠᠷᠪᠢᠯᠠᠬᠤ᠂ ᠲᠠᠭᠠᠯᠠᠮᠵᠢᠲᠠᠢ ᠪᠠᠶᠢᠬᠤ ᠶᠢ ᠪᠡᠶᠡᠯᠡᠭᠦᠯᠵᠦ ᠴᠢᠳᠠᠨ᠎ᠠ᠃ ᠴᠠᠭᠠᠰᠤ ᠬᠡᠷᠡᠭᠯᠡᠬᠦ ᠦᠭᠡᠢ ᠬᠡᠷᠡᠭᠯᠡᠭᠡᠨ ᠤ ᠥᠭᠡᠷᠡᠴᠢᠯᠡᠯᠲᠡ ᠶᠢᠨ ᠲᠠᠯ᠎ᠠ ᠪᠠᠷ᠂ ᠡᠯ᠎ᠡ ᠠᠵᠢᠯ ᠲᠥᠷᠥᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠳᠤ ᠬᠦᠴᠦᠨ ᠨᠡᠮᠡᠷᠢᠯᠡᠨ᠎ᠡ᠃     ᠰᠣᠷᠪᠤᠯᠵᠢᠯᠠᠭ᠎ᠠ ᠶᠢᠨ ᠳᠤᠮᠳᠠ ᠯᠢᠦ ᠫᠧᠩ ᠬᠡᠯᠡᠬᠦ ᠳᠡᠭᠡᠨ᠂ ᠴᠠᠭᠠᠨ ᠰᠠᠷ᠎ᠠ ᠠᠴᠠ ᠡᠮᠦᠨ᠎ᠡ ᠺᠣᠮᠫᠠᠨᠢ ᠨᠢᠭᠡᠨᠲᠡ 2000 ᠭᠠᠷᠤᠢ ᠲᠦᠮᠡᠨ ᠲᠥᠭᠦᠷᠢᠭ ᠤᠨ ᠵᠠᠬᠢᠶᠠᠯᠠᠭ᠎ᠠ ᠶᠢᠨ ᠬᠠᠭᠤᠳᠠᠰᠤ ᠣᠯᠵᠠᠢ᠃ ᠰᠢᠨ᠎ᠡ ᠨᠢᠭᠡ ᠵᠢᠯ ᠢ ᠪᠠᠷᠠᠯᠠᠬᠤᠶ᠎ᠠ᠂ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠵᠢᠱᠢᠯᠲᠡ ᠪᠠᠷ 7600 ᠲᠦᠮᠡᠨ ᠲᠥᠭᠦᠷᠢᠭ ᠲᠤ ᠬᠦᠷᠴᠦ᠂ ᠪᠣᠷᠤᠯᠠᠭᠤᠯᠭ᠎ᠠ ᠶᠢᠨ ᠣᠷᠣᠯᠭ᠎ᠠ 5000 ᠲᠦᠮᠡᠨ ᠲᠥᠭᠦᠷᠢᠭ ᠢ ᠳᠠᠪᠠᠭ᠋ᠤ ᠪᠣᠯᠣᠮᠵᠢ ᠲᠠᠢ ᠪᠠᠶᠢᠨ᠎ᠠ᠃ ᠢᠷᠡᠭᠡᠳᠦᠢ ᠶᠢᠨ ᠲᠤᠬᠠᠢ ᠶᠠᠷᠢᠬᠤ ᠳᠠᠭᠠᠨ᠂ ᠯᠢᠦ ᠫᠧᠩ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠲᠠᠢ ᠪᠠᠷ᠄ ︽ᠤᠯᠤᠰ ᠤᠨ ᠡᠭᠦᠳᠦᠯᠲᠡ ᠶᠢᠨ ᠬᠤᠪᠣᠷ ᠰᠢᠷᠣᠢ ᠶᠢᠨ ᠪᠦᠳᠦᠭᠡᠭᠳᠡᠭᠦᠨ ᠨᠢ ᠬᠦᠴᠦᠷᠬᠡᠭ ᠶᠡᠭᠡ ᠰᠤᠳᠤᠯᠤᠨ ᠨᠡᠭᠡᠭᠡᠬᠦ ᠴᠢᠳᠠᠪᠤᠷᠢ ᠳᠤ ᠲᠦᠰᠢᠭᠯᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ ᠳᠠᠭᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠮ ᠡᠮᠨᠡᠯᠭᠡ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠤ᠂ ᠬᠡᠷᠡᠭᠯᠡᠭᠴᠢᠳ ᠤᠨ ᠠᠳᠠᠯᠢ ᠪᠤᠰᠤ ᠬᠡᠷᠡᠭᠴᠡᠭᠡ ᠳᠤ ᠴᠢᠭᠯᠡᠭᠦᠯᠦᠨ ᠨᠡᠩ ᠤᠯᠠᠨ ᠨᠡᠩ ᠰᠠᠶᠢᠨ ᠰᠢᠨᠡᠴᠢᠯᠡᠭᠰᠡᠨ ᠬᠤᠪᠣᠷ ᠰᠢᠷᠣᠢ ᠶᠢᠨ ᠭᠡᠷᠡᠯ ᠤᠨ ᠴᠢᠳᠠᠪᠬᠢᠲᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ︕︾ ᠭᠡᠵᠦ ᠬᠡᠯᠡᠪᠡ᠃     ᠪᠢᠳᠡ  ᠬᠤᠪᠣᠷ ᠰᠢᠷᠣᠢ ᠶᠢᠨ ᠪᠦᠳᠦᠭᠡᠭᠳᠡᠭᠦᠨ ᠤ ᠠᠵᠤ ᠦᠢᠯᠡᠰ ᠤᠨ ᠤᠷᠤᠯᠳᠤᠭᠠᠨ ᠤ ᠵᠠᠮ ᠳᠡᠭᠡᠷ᠎ᠡ ᠳᠣᠭᠰᠢᠨ ᠰᠢᠭᠤᠷᠭ᠎ᠠ ᠳᠡᠭᠳᠡᠭᠡᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠡᠷᠡᠰ ᠪᠠᠲᠤ ᠬᠡᠷᠡᠭᠵᠢᠭᠦᠯᠬᠦ ᠬᠦᠴᠦᠨ ᠢᠶᠠᠷ ᠲᠠᠰᠤᠷᠠᠯᠲᠠ ᠦᠭᠡᠢ ᠰᠢᠪᠲᠤᠯᠤᠯᠲᠠ ᠬᠢᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠤᠰᠢᠭᠤᠴᠢ ᠬᠦᠴᠦᠨ ᠪᠣᠯᠬᠤ ᠳᠤ ᠢᠲᠡᠭᠡᠯ ᠲᠠᠢ ᠪᠠᠶᠢᠨ᠎ᠠ︕︾ ᠭᠡᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号