ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠦᠨᠡᠨ ᠬᠦ ᠰᠢᠨ᠎ᠡ | ᠡᠵᠡᠩᠨᠡᠯᠲᠡ ᠶᠢᠨ ᠬᠡᠯᠪᠡᠷᠢ ᠤᠨ ᠠᠵᠢᠯ ᠲᠦᠷᠦᠯ ᠤᠨ ᠬᠦᠮᠦᠰ ᠲᠤ ᠬᠦᠷᠭᠡᠬᠦ ᠶᠢᠨ ᠲᠥᠯᠥᠭᠡ᠂ 2 ᠰᠠᠷ᠎ᠠ ᠶᠢᠨ | 17 ᠤ ᠡᠳᠦᠷ ᠠᠴᠠ 18 ᠤ ᠡᠳᠦᠷ ᠪᠣᠯᠲᠠᠯ᠎ᠠ᠂ ᠮᠢᠨ ᠰᠢᠨ ᠵᠢᠶᠠ ᠶᠤᠸᠠᠨ ᠨᠡᠶᠢᠭᠡᠮ ᠲᠣᠭᠤᠷᠢᠭ ᠳᠡᠭᠡᠳᠦ ᠰᠢᠨ᠎ᠡ | ᠮᠡᠷᠭᠡᠵᠢᠯ ᠤᠨ ᠤᠷᠤᠨ ᠤ ᠠᠵᠢᠯᠴᠢᠨ ᠤ ᠡᠪᠯᠡᠯ ᠲᠠᠢ ᠬᠠᠮᠲᠤᠷᠠᠨ ᠰᠢᠨ ᠴᠸᠡᠭ ᠶᠠ ᠵᠢᠤᠢ A ᠲᠣᠭᠤᠷᠢᠭ ᠤᠨ ︽ | ᠬᠤᠩ ᠰᠢᠨ ᠤᠯᠠᠭ᠎ᠠ ᠥᠷᠲᠡᠭᠡ ︾ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ᠂ ᠪᠠᠷᠠᠭ᠎ᠠ | ᠬᠦᠷᠭᠡᠭᠴᠢ᠂ ᠲᠦᠷᠢᠶᠡᠰᠦᠨ ᠮᠠᠰᠢᠨ ᠲᠡᠷᠭᠡᠨ ᠤ ᠠᠴᠢᠶᠠᠨ ᠤ ᠮᠠᠰᠢᠨ ᠤ ᠵᠢᠯᠣᠭᠤᠴᠢ᠂ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠠᠵᠢᠯᠴᠢᠨ ᠵᠡᠷᠭᠡ ᠨᠢᠭᠡᠳᠦᠭᠡᠷ ᠹᠷᠣᠨᠲ ᠤᠨ ᠬᠡᠷ ᠤᠨ ᠭᠠᠳᠠᠨᠠᠬᠢ ᠬᠥᠳᠡᠯᠮᠦᠷᠢᠴᠢᠳ ᠲᠤ ︽ | ᠠᠵᠢᠯ ᠤᠨ ᠪᠠᠶᠢᠷᠢ ᠳᠠᠭᠠᠨ ᠪᠤᠴᠠᠬᠤ ᠪᠡᠯᠡᠭ︾ ᠲᠠᠷᠬᠠᠭᠠᠪᠠ᠃ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ | ᠬᠠᠶᠢᠷ᠎ᠠ ᠬᠠᠯᠠᠮᠵᠢ ᠶᠢ ᠬᠦᠷᠭᠡᠪᠡ᠃ | ᠪᠡᠯᠡᠭ ᠣᠯᠭᠤᠬᠤ ᠶᠠᠪᠤᠴᠠ ᠳᠤ᠂ ᠠᠵᠢᠯᠲᠠᠳ ᠲᠤᠬᠠᠶ ᠶᠢᠨ ᠲᠠᠯᠠᠪᠤᠷ ᠳᠠᠬᠢ ᠬᠡᠷ ᠤᠨ ᠭᠠᠳᠠᠨᠠᠬᠢ | ᠬᠥᠳᠡᠯᠮᠦᠷᠢᠴᠢᠳ ᠲᠠᠢ ᠳᠣᠲᠣᠨᠣ ᠪᠠᠷ ᠶᠠᠷᠢᠯᠴᠠᠵᠤ᠂ ᠡᠯ᠎ᠡ ᠬᠡᠷ ᠤᠨ ᠭᠠᠳᠠᠨᠠᠬᠢ ᠬᠥᠳᠡᠯᠮᠦᠷᠢᠴᠢᠳ ᠤᠨ ᠰᠢᠷᠭᠠᠭᠤ | ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠯᠠᠨ ᠢᠶᠠᠷ ᠢᠶᠠᠨ ᠪᠡᠶ᠎ᠡ ᠮᠠᠬᠠᠪᠣᠳ ᠤᠨ ᠡᠷᠡᠭᠦᠯ | ᠴᠢᠭᠢᠷᠠᠭ᠂ ᠠᠵᠢᠯᠯᠠᠵᠤ ᠠᠮᠠᠷᠠᠬᠤ ᠪᠠᠨ ᠠᠩᠬᠠᠷᠴᠤ᠂ ᠵᠦᠶ ᠵᠣᠬᠢᠰᠲᠠᠶ ᠲᠣᠬᠢᠷᠠᠭᠤᠯᠤᠨ ᠠᠮᠠᠷᠠᠭᠠᠷᠠᠢ ᠭᠡᠵᠦ ᠵᠠᠬᠢᠪᠠ᠃ | ᠣᠳᠣᠬᠠᠨ ᠪᠣᠯᠲᠠᠯ᠎ᠠ᠂ ᠮᠢᠨ ᠰᠢᠨ ᠵᠢᠶᠠ ᠶᠤᠸᠠᠨ ᠨᠡᠶᠢᠭᠡᠮ ᠲᠣᠭᠤᠷᠢᠭ ᠤᠨ ᠠᠵᠢᠯᠴᠢᠨ ᠤ ᠡᠪᠯᠡᠯ ᠤᠨ ᠬᠤᠩ ᠰᠢᠨ | ᠤᠯᠠᠭ᠎ᠠ ᠦᠷᠲᠡᠭᠡ ᠠᠵᠢᠯ ᠤᠨ ᠪᠠᠶᠢᠷᠢ ᠳᠠᠭᠠᠨ ᠪᠤᠴᠠᠬᠤ ᠪᠡᠯᠡᠭ 40 ᠬᠤᠪᠢ ᠲᠠᠷᠬᠠᠭᠠᠪᠠ᠃ | ︽ᠴᠠᠭᠠᠨ ᠰᠠᠷ᠎ᠠ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭ᠎ᠠ ᠠᠵᠢᠯᠴᠢᠨ ᠤ ᠡᠪᠯᠡᠯ ᠤᠨ ᠪᠡᠯᠡᠭ᠂ ᠡᠳ᠋ | ᠪᠣᠳᠠᠰ ᠢ ᠮᠠᠨ ᠤ ᠡᠩ ᠤᠨ ᠦᠶ᠎ᠡ ᠳᠤ ᠬᠡᠷᠡᠭᠯᠡᠭᠳᠡᠳᠡᠭ᠂ ᠡᠨᠡ ᠬᠦ ᠬᠠᠯᠠᠭᠤᠨ ᠳᠤᠯᠠᠭᠠᠨ ᠪᠡᠯᠡᠭ ᠲᠤ ᠮᠠᠰᠢ | ᠲᠠᠯᠠᠷᠬᠠᠵᠤ ᠪᠠᠶᠢᠨ᠎ᠠ᠂ ᠰᠢᠨ᠎ᠡ ᠨᠢᠭᠡ ᠵᠢᠯ ᠳᠤ ᠨᠠᠩ ᠴᠢᠷᠮᠠᠶᠢᠨ ᠠᠵᠢᠯᠯᠠᠵᠤ᠂ ᠨᠡᠶᠢᠭᠡᠮ ᠤᠨ ᠬᠥᠭᠵᠢᠯᠲᠡ ᠳᠤ ᠨᠢᠭᠡ | ᠬᠤᠪᠢ ᠬᠦᠴᠦᠨ ᠴᠢᠳᠠᠯ ᠢᠶᠠᠨ ᠡᠷᠭᠦᠨ᠎ᠡ︾ ᠬᠡᠮᠡᠨ ᠠᠵᠢᠯ ᠤᠨ ᠪᠠᠶᠢᠷᠢ ᠳᠠᠭᠠᠨ ᠪᠤᠴᠠᠭᠰᠠᠨ ᠰᠢᠤᠢ ᠪᠠᠭᠰᠢ | ᠪᠠᠶᠠᠷᠲᠠᠢ ᠪᠠᠷ ᠬᠡᠯᠡᠨ᠎ᠡ᠃ ᠳᠠᠷᠠᠭᠠᠴᠢ ᠶᠢᠨ ᠠᠯᠬᠤᠮ ᠳᠤ᠂ ᠮᠢᠨ ᠰᠢᠨ ᠵᠢᠶᠠ ᠶᠤᠸᠠᠨ ᠨᠡᠶᠢᠭᠡᠮ ᠲᠣᠭᠤᠷᠢᠭ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠩ ᠪᠦᠲᠦᠮᠵᠢᠲᠡᠢ ᠠᠷᠭ᠎ᠠ ᠬᠡᠮᠵᠢᠶ᠎ᠡ᠂ ᠨᠡᠩ | ᠥᠨᠳᠥᠷ ᠪᠠᠷᠢᠮᠵᠢᠶ᠎ᠠ ᠪᠠᠷ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠮᠦᠰ ᠲᠤ ᠨᠡᠩ ᠣᠨᠣᠪᠴᠢᠲᠠᠢ ᠦᠢᠯᠡᠴᠢᠯᠡᠭᠡ | ᠬᠠᠩᠭᠠᠨ᠎ᠠ᠃ | | | | |