ᠠᠵᠤ ᠠᠬᠤᠶᠢᠯᠠᠯ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠵᠢᠯ ᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠵᠢᠯ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠨ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ ᠭᠡᠵᠦ | ᠱᠠᠭᠠᠷᠳᠠᠪᠠ᠃ | ︽ ᠵᠢᠷᠭᠤᠭᠠᠨ ᠨᠢᠭᠡ︾ ᠶᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠲᠤᠳᠬᠠᠵᠤ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ︽ ᠵᠢᠷᠭᠤᠭᠠᠨ ᠨᠢᠭᠡ︾ ᠤ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠦᠨ᠎ᠡ᠂ ᠲᠤᠬᠠᠶᠢᠯᠠᠪᠠᠯ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠬᠤᠷᠠᠯ ᠢ ᠨᠢᠭᠡ ᠤᠳᠠᠭ᠎ᠠ | ᠬᠤᠷᠠᠯᠳᠤᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠲᠥᠰᠦᠯ ᠢ | ᠨᠢᠭᠡ ᠤᠳᠠᠭ᠎ᠠ ᠲᠣᠭᠲᠠᠭᠠᠵᠤ᠂ ᠪᠦᠬᠦ ᠠᠵᠢᠯᠲᠠᠨ ᠤ ᠶᠡᠭᠡ ᠬᠤᠷᠠᠯ ᠢ ᠨᠢᠭᠡ ᠤᠳᠠᠭ᠎ᠠ ᠬᠤᠷᠠᠯᠳᠤᠭᠤᠯᠵᠤ᠂ ᠨᠢᠭᠡ | ᠤᠳᠠᠭᠠᠨ ᠤ ᠪᠦᠬᠦ ᠠᠵᠢᠯᠲᠠᠨ ᠤ ᠠᠮᠤᠷ ᠲᠦᠪᠰᠢᠨ ᠤ ᠬᠥᠮᠦᠵᠢᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠨᠢᠭᠡ ᠤᠳᠠᠭᠠᠨ ᠤ ᠪᠦᠬᠦ ᠦᠢᠯᠡᠳᠪᠦᠷᠢ ᠶᠢᠨ ᠴᠢᠨᠠᠷᠲᠠᠶ ᠠᠮᠤᠷ | ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ | ᠪᠠᠲᠤᠯᠠᠨ᠎ᠠ᠃ | | ︽ ᠵᠢᠷᠭᠤᠭᠠᠨ ᠦᠭᠡᠢ︾ ᠶᠢ ᠢᠯᠠᠨ ᠳᠠᠪᠠᠵᠤ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ | ᠴᠢᠩᠭ᠎ᠠ ᠰᠠᠬᠢᠵᠤ ᠠᠵᠤ ᠠᠬᠤᠶᠢᠯᠠᠯ ᠢ ︽ᠵᠢᠷᠭᠤᠭᠠᠨ ᠦᠭᠡᠢ︾ ᠶᠢ ᠡᠷᠡᠰ ᠲᠡᠪᠴᠢᠪᠡ᠂ ᠲᠤᠬᠠᠶᠢᠯᠠᠪᠠᠯ ᠠᠵᠢᠯᠲᠠᠨ | ᠠᠵᠢᠯᠴᠢᠨ ᠤ ᠰᠡᠳᠬᠢᠴᠡ ᠶᠢᠨ ᠪᠠᠶᠢᠳᠠᠯ ᠢ ᠢᠯᠠᠨ ᠳᠠᠪᠠᠵᠤ᠂ ᠠᠵᠢᠯᠲᠠᠨ ᠤ ᠴᠢᠳᠠᠪᠤᠷᠢ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠢᠯᠠᠨ ᠳᠠᠪᠠᠵᠤ᠂ ᠪᠣᠯᠪᠠᠰᠤᠷᠠᠯ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠢᠯᠠᠨ ᠳᠠᠪᠠᠵᠤ᠂ | ᠠᠩᠬᠠᠷᠤᠯ ᠢᠶᠠᠨ ᠲᠥᠪᠯᠡᠷᠡᠭᠦᠯᠬᠦ ᠥᠬᠡᠶ ᠪᠠᠶᠢᠬᠤ ᠠᠰᠠᠭᠤᠳᠠᠯ ᠢ ᠢᠯᠠᠨ ᠳᠠᠪᠠᠵᠤ᠂ ᠭᠠᠷ ᠤᠷᠠᠯᠠᠯ ᠤᠨ ᠶᠠᠪᠤᠴᠠ ᠶᠢ | ᠰᠠᠶᠢᠨ ᠮᠡᠳᠡᠬᠦ ᠦᠭᠡᠢ ᠪᠠᠶᠢᠬᠤ ᠠᠰᠠᠭᠤᠳᠠᠯ ᠢ ᠢᠯᠠᠨ ᠳᠠᠪᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠠᠮᠤᠷ ᠲᠦᠪᠰᠢᠨ ᠤ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠳᠤ ᠰᠦᠯᠵᠢᠶᠡᠨ ᠳᠡᠭᠡᠷᠡᠬᠢ ᠪᠠ ᠲᠤᠬᠠᠢ ᠶᠢᠨ ᠭᠠᠵᠠᠷ ᠶᠢ | ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ | ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ᠰᠦᠯᠵᠢᠶᠡᠨ ᠳᠡᠭᠡᠷ᠎ᠡ | ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ ᠵᠡᠷᠭᠡ ᠲᠠᠪᠴᠠᠩ ᠢ ᠠᠰᠢᠭᠯᠠᠨ᠂ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠵᠦᠭᠯᠡᠭᠦᠷ ᠢ ᠬᠦᠷᠭᠡᠪᠡ︔ ᠲᠤᠬᠠᠢ ᠶᠢᠨ ᠭᠠᠵᠠᠷ ᠠᠮᠤᠷ | ᠲᠦᠪᠰᠢᠨ ᠤ ᠭᠠᠷ ᠳᠡᠪᠲᠡᠷ ᠲᠠᠷᠬᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠭᠠᠷ ᠤᠨ ᠦᠰᠦᠭ ᠵᠢᠷᠤᠵᠤ | ᠨᠠᠶᠢᠳᠠᠪᠤᠷᠢᠵᠢᠭᠤᠯᠬᠤ ᠶᠢ ᠱᠠᠭᠠᠷᠳᠠᠪᠠ᠃ ᠣᠳᠣᠬᠠᠨ ᠳᠤ᠂ ᠨᠡᠶᠢᠲᠡ 9 ᠬᠠᠮᠢᠶ᠎ᠠ ᠪᠥᠬᠦᠶ ᠮᠡᠳᠡᠭᠡ ᠵᠠᠩᠭᠢ ᠶᠢ | ᠨᠡᠶᠢᠲᠡᠯᠡᠵᠦ᠂ 1000 ᠭᠠᠷᠤᠶ ᠬᠥᠮᠦᠨ ᠤᠳᠠᠭ᠎ᠠ ᠳᠤ ᠬᠦᠷᠴᠦ᠂ 123 ᠠᠵᠤ ᠠᠬᠤᠶᠢᠯᠠᠯ ᠢ ᠬᠠᠪᠰᠤᠷᠤᠨ | ᠲᠡᠳᠬᠦᠵᠦ ᠵᠢᠭᠠᠨ ᠵᠢᠯᠣᠭᠤᠳᠴᠤ᠂ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ | | ᠤᠨᠢᠨ ᠳᠡᠭᠡᠷ᠎ᠡ ᠨᠢ ᠬᠠᠪᠰᠤᠷᠤᠨ ᠳᠡᠳᠭᠦᠨ ᠵᠢᠯᠣᠭᠤᠳᠴᠤ᠂ ᠠᠵᠤ ᠠᠬᠤᠶᠢᠯᠠᠯ ᠤᠨ ᠠᠮᠤᠷ ᠲᠦᠪᠰᠢᠨ | ᠬᠥᠭᠵᠢᠯᠲᠡ ᠳᠤ ᠬᠦᠴᠦᠨ ᠨᠡᠮᠡᠷᠢᠯᠡᠵᠦ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠵᠢᠯᠣᠭᠤᠳᠬᠤ | ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ︽ | ᠨᠢᠭᠡ ᠳᠤ ᠨᠢᠭᠡ︾ ᠶᠢᠨ ᠦᠢᠯᠡᠴᠢᠯᠡᠭᠡ ᠶᠢ ᠥᠷᠨᠢᠭᠦᠯᠵᠦ᠂ ᠠᠵᠤ ᠠᠬᠤᠶᠢᠯᠠᠯ ᠤᠨ ᠠᠵᠢᠯ ᠲᠥᠷᠥᠯ ᠤᠨ ᠣᠨᠴᠠᠯᠢᠭ | ᠪᠠ ᠪᠣᠳᠠᠲᠤ ᠪᠠᠶᠢᠳᠠᠯ ᠢ ᠦᠨᠳᠦᠰᠦᠯᠡᠨ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠲᠥᠰᠦᠯ᠂ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ | ᠵᠢᠯᠣᠭᠤᠳᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ | ᠪᠣᠳᠠᠲᠠᠶ ᠰᠠᠨᠠᠭᠤᠯᠭ᠎ᠠ ᠳᠤᠷᠠᠳᠪᠠ᠃ | | | | | |