ᠮᠢᠨ ᠰᠢᠨ ᠵᠢᠶᠠ ᠶᠤᠸᠠᠨ ᠨᠡᠶᠢᠭᠡᠮ ᠲᠣᠭᠤᠷᠢᠭ ᠤᠨ ︽ᠬᠤᠩ ᠰᠢᠨ ᠤᠯᠠᠭ᠎ᠠ ᠥᠷᠲᠡᠭᠡ︾ ︽ᠰᠢᠨ᠎ᠡ ᠡᠵᠡᠩᠨᠡᠯᠲᠡ ᠶᠢᠨ ᠬᠡᠯᠪᠡᠷᠢ  ᠤᠨ ᠠᠵᠢᠯ ᠲᠦᠷᠦᠯ ᠤᠨ ᠬᠦᠮᠦᠰ  ᠳᠤᠯᠠᠭᠠᠴᠠᠭᠤᠯᠬᠤ︾ ᠠᠵᠢᠯ ᠤᠨ ᠪᠠᠶᠢᠷᠢ ᠳᠠᠭᠠᠨ ᠪᠤᠴᠠᠬᠤ ᠪᠡᠯᠡᠭ ᠲᠠᠷᠬᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/19
    ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠦᠨᠡᠨ ᠬᠦ ᠰᠢᠨ᠎ᠡ ᠡᠵᠡᠩᠨᠡᠯᠲᠡ ᠶᠢᠨ ᠬᠡᠯᠪᠡᠷᠢ  ᠤᠨ ᠠᠵᠢᠯ ᠲᠦᠷᠦᠯ ᠤᠨ ᠬᠦᠮᠦᠰ ᠲᠤ ᠬᠦᠷᠭᠡᠬᠦ ᠶᠢᠨ ᠲᠥᠯᠥᠭᠡ᠂ 2 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠮᠢᠨ ᠰᠢᠨ ᠵᠢᠶᠠ ᠶᠤᠸᠠᠨ ᠨᠡᠶᠢᠭᠡᠮ ᠲᠣᠭᠤᠷᠢᠭ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠠᠵᠢᠯᠴᠢᠨ ᠤ ᠡᠪᠯᠡᠯ ᠲᠠᠢ ᠬᠠᠮᠲᠤᠷᠠᠨ  ᠰᠢᠨ  ᠴᠸᠡᠭ ᠶᠠ ᠵᠢᠤᠢ A ᠲᠣᠭᠤᠷᠢᠭ ᠤᠨ ︽ᠬᠤᠩ ᠰᠢᠨ ᠤᠯᠠᠭ᠎ᠠ ᠥᠷᠲᠡᠭᠡ  ︾ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ᠂  ᠪᠠᠷᠠᠭ᠎ᠠ ᠬᠦᠷᠭᠡᠭᠴᠢ᠂ ᠲᠦᠷᠢᠶᠡᠰᠦᠨ ᠮᠠᠰᠢᠨ ᠲᠡᠷᠭᠡᠨ ᠤ ᠠᠴᠢᠶᠠᠨ ᠤ ᠮᠠᠰᠢᠨ ᠤ ᠵᠢᠯᠣᠭᠤᠴᠢ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯᠴᠢᠨ ᠵᠡᠷᠭᠡ ᠨᠢᠭᠡᠳᠦᠭᠡᠷ ᠹᠷᠣᠨᠲ ᠤᠨ ᠬᠡᠷ ᠤᠨ ᠭᠠᠳᠠᠨᠠᠬᠢ ᠬᠥᠳᠡᠯᠮᠦᠷᠢᠴᠢᠳ ᠲᠤ ︽ᠠᠵᠢᠯ ᠤᠨ ᠪᠠᠶᠢᠷᠢ ᠳᠠᠭᠠᠨ ᠪᠤᠴᠠᠬᠤ ᠪᠡᠯᠡᠭ︾ ᠲᠠᠷᠬᠠᠭᠠᠪᠠ᠃ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ  ᠬᠦᠷᠭᠡᠪᠡ᠃    ᠪᠡᠯᠡᠭ ᠣᠯᠭᠤᠬᠤ ᠶᠠᠪᠤᠴᠠ ᠳᠤ᠂ ᠠᠵᠢᠯᠲᠠᠳ ᠲᠤᠬᠠᠶ ᠶᠢᠨ ᠲᠠᠯᠠᠪᠤᠷ ᠳᠠᠬᠢ ᠬᠡᠷ ᠤᠨ ᠭᠠᠳᠠᠨᠠᠬᠢ ᠬᠥᠳᠡᠯᠮᠦᠷᠢᠴᠢᠳ ᠲᠠᠢ ᠳᠣᠲᠣᠨᠣ ᠪᠠᠷ ᠶᠠᠷᠢᠯᠴᠠᠵᠤ᠂ ᠡᠯ᠎ᠡ ᠬᠡᠷ ᠤᠨ ᠭᠠᠳᠠᠨᠠᠬᠢ ᠬᠥᠳᠡᠯᠮᠦᠷᠢᠴᠢᠳ ᠤᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠯᠠᠨ ᠢᠶᠠᠷ ᠢᠶᠠᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠠᠵᠢᠯᠯᠠᠵᠤ ᠠᠮᠠᠷᠠᠬᠤ ᠪᠠᠨ ᠠᠩᠬᠠᠷᠴᠤ᠂ ᠵᠦᠶ ᠵᠣᠬᠢᠰᠲᠠᠶ ᠲᠣᠬᠢᠷᠠᠭᠤᠯᠤᠨ ᠠᠮᠠᠷᠠᠭᠠᠷᠠᠢ ᠭᠡᠵᠦ ᠵᠠᠬᠢᠪᠠ᠃ ᠣᠳᠣᠬᠠᠨ ᠪᠣᠯᠲᠠᠯ᠎ᠠ᠂ ᠮᠢᠨ ᠰᠢᠨ ᠵᠢᠶᠠ ᠶᠤᠸᠠᠨ ᠨᠡᠶᠢᠭᠡᠮ ᠲᠣᠭᠤᠷᠢᠭ ᠤᠨ ᠠᠵᠢᠯᠴᠢᠨ ᠤ ᠡᠪᠯᠡᠯ ᠤᠨ ᠬᠤᠩ ᠰᠢᠨ ᠤᠯᠠᠭ᠎ᠠ ᠦᠷᠲᠡᠭᠡ ᠠᠵᠢᠯ ᠤᠨ ᠪᠠᠶᠢᠷᠢ ᠳᠠᠭᠠᠨ ᠪᠤᠴᠠᠬᠤ ᠪᠡᠯᠡᠭ 40 ᠬᠤᠪᠢ ᠲᠠᠷᠬᠠᠭᠠᠪᠠ᠃     ︽ᠴᠠᠭᠠᠨ ᠰᠠᠷ᠎ᠠ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭ᠎ᠠ ᠠᠵᠢᠯᠴᠢᠨ ᠤ ᠡᠪᠯᠡᠯ ᠤᠨ ᠪᠡᠯᠡᠭ᠂ ᠡᠳ᠋ ᠪᠣᠳᠠᠰ ᠢ ᠮᠠᠨ ᠤ ᠡᠩ ᠤᠨ ᠦᠶ᠎ᠡ ᠳᠤ  ᠬᠡᠷᠡᠭᠯᠡᠭᠳᠡᠳᠡᠭ᠂ ᠡᠨᠡ ᠬᠦ ᠬᠠᠯᠠᠭᠤᠨ ᠳᠤᠯᠠᠭᠠᠨ ᠪᠡᠯᠡᠭ ᠲᠤ ᠮᠠᠰᠢ ᠲᠠᠯᠠᠷᠬᠠᠵᠤ ᠪᠠᠶᠢᠨ᠎ᠠ᠂ ᠰᠢᠨ᠎ᠡ ᠨᠢᠭᠡ ᠵᠢᠯ ᠳᠤ ᠨᠠᠩ ᠴᠢᠷᠮᠠᠶᠢᠨ ᠠᠵᠢᠯᠯᠠᠵᠤ᠂ ᠨᠡᠶᠢᠭᠡᠮ ᠤᠨ ᠬᠥᠭᠵᠢᠯᠲᠡ ᠳᠤ ᠨᠢᠭᠡ ᠬᠤᠪᠢ ᠬᠦᠴᠦᠨ ᠴᠢᠳᠠᠯ ᠢᠶᠠᠨ ᠡᠷᠭᠦᠨ᠎ᠡ︾  ᠬᠡᠮᠡᠨ ᠠᠵᠢᠯ ᠤᠨ ᠪᠠᠶᠢᠷᠢ ᠳᠠᠭᠠᠨ ᠪᠤᠴᠠᠭᠰᠠᠨ ᠰᠢᠤᠢ ᠪᠠᠭᠰᠢ ᠪᠠᠶᠠᠷᠲᠠᠢ ᠪᠠᠷ ᠬᠡᠯᠡᠨ᠎ᠡ᠃ ᠳᠠᠷᠠᠭᠠᠴᠢ ᠶᠢᠨ ᠠᠯᠬᠤᠮ ᠳᠤ᠂ ᠮᠢᠨ ᠰᠢᠨ ᠵᠢᠶᠠ ᠶᠤᠸᠠᠨ ᠨᠡᠶᠢᠭᠡᠮ ᠲᠣᠭᠤᠷᠢᠭ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠩ ᠪᠦᠲᠦᠮᠵᠢᠲᠡᠢ ᠠᠷᠭ᠎ᠠ ᠬᠡᠮᠵᠢᠶ᠎ᠡ᠂ ᠨᠡᠩ ᠥᠨᠳᠥᠷ ᠪᠠᠷᠢᠮᠵᠢᠶ᠎ᠠ ᠪᠠᠷ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠮᠦᠰ ᠲᠤ ᠨᠡᠩ ᠣᠨᠣᠪᠴᠢᠲᠠᠢ ᠦᠢᠯᠡᠴᠢᠯᠡᠭᠡ ᠬᠠᠩᠭᠠᠨ᠎ᠠ᠃
 
ᠢᠷᠡᠯᠲᠡ᠄ ᠮᠢᠨ ᠰᠢᠨ‌ᠵᠠᠮ ᠤᠨ ᠨᠡᠶᠢᠭᠡᠮ ᠲᠣᠭᠤᠷᠢᠭ ᠤᠨ ᠸᠠᠴᠠᠲ  ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号