ᠤᠯᠠᠨᠪᠤᠯᠠᠭ ᠪᠠᠯᠭᠠᠰᠤᠨ ᠤ ᠡᠳ᠋ ᠤᠨ ᠶᠠᠪᠤᠳᠠᠯ ᠤᠨ ᠠᠵᠢᠯ ᠤᠨ ᠬᠢᠷᠢ ᠲᠦᠪᠰᠢᠨ ᠢ ᠦᠨᠡᠨ ᠬᠦ | ᠳᠡᠭᠡᠭᠰᠢᠯᠡᠭᠦᠯᠬᠦ ᠶᠢᠨ ᠲᠥᠯᠥᠭᠡ᠂ ᠡᠳᠦᠷ ᠲᠤᠲᠤᠮ ᠤᠨ ᠡᠳ᠋ ᠤᠨ ᠶᠠᠪᠤᠳᠠᠯ ᠤᠨ ᠲᠠᠩᠰᠠ ᠮᠡᠳᠡᠭᠦᠯᠬᠦ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠰᠢᠨ᠎ᠡ ᠲᠥᠰᠦᠪ ᠤᠨ ᠨᠢᠭᠡᠴᠡ ᠶᠢᠨ ᠵᠠᠷᠤᠯᠭ᠎ᠠ ᠶᠢᠨ ᠦᠢᠯᠡᠴᠢᠯᠡᠭᠡᠨ ᠤ ᠲᠠᠪᠴᠠᠩ ᠤᠨ | ᠠᠵᠢᠯᠯᠠᠭᠠᠨ ᠤ ᠶᠠᠪᠤᠴᠠ ᠶᠢ ᠰᠢᠰᠲ᠋ᠧᠮ ᠲᠠᠢ ᠰᠤᠷᠤᠯᠴᠠᠪᠠ᠃ 2 ᠰᠠᠷ᠎ᠠ ᠶᠢᠨ 21 ᠤ ᠡᠳᠦᠷ᠂ ᠤᠯᠠᠨᠪᠤᠯᠠᠭ ᠪᠠᠯᠭᠠᠰᠤ | 2025 ᠣᠨ ᠤ ᠡᠳ᠋ ᠤᠨ ᠶᠠᠪᠤᠳᠠᠯ ᠤᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ | ᠬᠤᠷᠠᠯᠳᠤᠭᠤᠯᠪᠠ᠃ ᠬᠤᠷᠠᠯ ᠢ ᠤᠯᠠᠨᠪᠤᠯᠠᠭ ᠪᠠᠯᠭᠠᠰᠤᠨ ᠤ ᠳᠡᠳ᠋ ᠳᠠᠷᠤᠭ᠎ᠠ ᠯᠢ ᠱᠤ᠋ ᠲᠦᠩ ᠡᠷᠭᠢᠯᠡᠵᠦ᠂ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠲᠠᠩᠰᠠ ᠮᠡᠳᠡᠭᠦᠯᠦᠭᠴᠢ | 20 ᠭᠠᠷᠤᠶ ᠬᠥᠮᠦᠨ ᠣᠷᠣᠯᠴᠠᠵᠠᠶ᠃ | ᠬᠤᠷᠠᠯ ᠳᠡᠭᠡᠷ᠎ᠡ᠂ ᠪᠠᠯᠭᠠᠰᠤᠨ ᠤ ᠳᠡᠳ᠋ ᠳᠠᠷᠤᠭ᠎ᠠ ᠯᠢ ᠱᠦ ᠲᠦᠩ ᠮᠠᠨ ᠤ ᠪᠠᠯᠭᠠᠰᠤᠨ ᠤ ᠣᠳᠣᠬᠠᠨ ᠤ | ᠲᠠᠩᠰᠠ ᠮᠡᠳᠡᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ | ᠱᠠᠭᠠᠷᠳᠠᠯᠭ᠎ᠠ ᠶᠢᠨ ᠲᠤᠬᠠᠶ ᠨᠠᠷᠢᠨ ᠪᠠᠶᠢᠷᠢᠯᠠᠭᠤᠯᠤᠯᠲᠠ ᠬᠢᠪᠠ᠃ ᠳᠠᠷᠠᠭ᠎ᠠ ᠨᠢ᠂ ᠡᠳ᠋ ᠤᠨ ᠶᠠᠪᠤᠳᠠᠯ ᠤᠨ ᠠᠵᠢᠯᠲᠠᠨ | ᠸᠠᠩ ᠢ ᠶᠠᠩ ᠡᠳ᠋ ᠤᠨ ᠶᠠᠪᠤᠳᠠᠯ ᠤᠨ ᠲᠠᠩᠰᠠ ᠮᠡᠳᠡᠭᠦᠯᠬᠦ ᠶᠠᠪᠤᠴᠠ ᠶᠢ ᠵᠢᠷᠤᠮᠵᠢᠭᠤᠯᠬᠤ᠂ ᠳᠣᠲᠣᠭᠠᠳᠤ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠰᠢᠨ᠎ᠡ ᠲᠥᠰᠦᠪ ᠤᠨ ᠨᠢᠭᠡᠴᠡ ᠶᠢᠨ ᠵᠠᠷᠤᠯᠭ᠎ᠠ ᠶᠢᠨ ᠦᠢᠯᠡᠴᠢᠯᠡᠭᠡᠨ ᠤ | ᠲᠠᠪᠴᠠᠩ ᠤᠨ ᠠᠵᠢᠯᠯᠠᠭᠠᠨ ᠤ ᠶᠠᠪᠤᠴᠠ ᠵᠢᠴᠢ ᠲᠣᠭᠤᠷᠢᠨ ᠪᠠᠶᠢᠴᠠᠭᠠᠵᠤ ᠬᠢᠨᠠᠨ ᠪᠤᠳᠤᠬᠤ ᠳᠤᠮᠳᠠ ᠢᠯᠡᠷᠡᠭᠦᠯᠦᠭᠰᠡᠨ | ᠠᠰᠠᠭᠤᠳᠠᠯ ᠤᠨ ᠲᠤᠬᠠᠶ ᠪᠥᠬᠦ ᠲᠠᠯ᠎ᠠ ᠪᠠᠷ ᠲᠠᠶᠢᠯᠤᠮᠵᠢ ᠬᠢᠵᠦ᠂ ᠡᠨᠡ ᠵᠢᠯ ᠤᠨ ᠡᠳ᠋ ᠤᠨ ᠶᠠᠪᠤᠳᠠᠯ ᠤᠨ ᠲᠠᠩᠰᠠ | ᠮᠡᠳᠡᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃ ᠮᠠᠳᠠᠭ ᠲᠠᠢ ᠠᠰᠠᠭᠤᠳᠠᠯ ᠢ | ᠰᠢᠢᠳᠪᠦᠷᠢᠯᠡᠬᠦ ᠭᠤᠭᠴᠤᠭ᠎ᠠ ᠳᠤ᠂ ᠣᠯᠠᠨ ᠢᠶᠠᠷ ᠢᠶᠠᠨ ᠬᠠᠷᠢᠯᠴᠠᠨ ᠰᠣᠯᠢᠯᠴᠠᠨ ᠶᠠᠷᠢᠯᠴᠠᠵᠤ᠂ ᠪᠣᠯᠪᠠᠰᠤᠷᠠᠯ ᠤᠨ | ᠠᠭᠤᠯᠭ᠎ᠠ ᠶᠢᠨ ᠲᠤᠬᠠᠶ ᠣᠶᠢᠯᠠᠭᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠣᠯᠪᠠᠰᠤᠷᠠᠯ ᠤᠨ ᠦᠷ᠎ᠡ | ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠲᠥᠪᠯᠡᠷᠡᠭᠦᠯᠦᠨ ᠰᠤᠷᠤᠯᠴᠠᠬᠤ ᠪᠠ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠤᠨ ᠲᠣᠬᠢᠶᠠᠯ ᠢ ᠭᠦᠢᠴᠡᠳ ᠠᠰᠢᠭᠯᠠᠨ᠂ ᠺᠠᠳ᠋ᠷ ᠠᠵᠢᠯᠲᠠᠨ ᠠᠵᠢᠯᠴᠢᠨ ᠤ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠲᠤᠬᠠᠶ ᠲᠠᠨᠢᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠳ᠋ ᠤᠨ ᠵᠠᠰᠠᠭ | ᠠᠵᠤ ᠠᠬᠤᠶ ᠶᠢᠨ ᠬᠠᠤᠯᠢ ᠰᠠᠬᠢᠯᠭ᠎ᠠ ᠶᠢᠨ ᠤᠬᠠᠮᠰᠠᠷ ᠢ ᠴᠢᠩᠭᠠᠷᠠᠭᠤᠯᠤᠨ᠂ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ | ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠪᠠᠯᠭᠠᠰᠤᠨ ᠤ ᠡᠯ᠎ᠡ ᠵᠦᠢᠯ ᠤᠨ ᠠᠵᠢᠯ ᠦᠢᠯᠡᠰ ᠤᠨ | ᠥᠷᠨᠢᠩᠭᠦᠶ ᠬᠥᠭᠵᠢᠯᠲᠡ ᠳᠤ ᠰᠠᠭᠤᠷᠢ ᠲᠠᠯᠪᠢᠵᠤ ᠥᠭᠭᠦᠨ᠎ᠡ᠃ | |