2 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠠᠯᠠ ᠲᠠᠲᠠᠬᠤ ᠪᠠ ᠴᠢᠬᠤᠯᠠ | ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠣᠭᠢᠷᠠᠭᠤᠯᠤᠨ ᠠᠬᠢᠭᠤᠯᠬᠤ ᠬᠤᠷᠠᠯ | ᠬᠤᠷᠠᠯᠳᠤᠭᠤᠯᠤᠭᠰᠠᠨ ᠤ ᠳᠠᠷᠠᠭ᠎ᠠ᠂ ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠤᠨ ᠣᠷᠣᠨ ᠵᠠᠷᠯᠢᠭ ᠢ | ᠰᠣᠨᠣᠰᠤᠮᠠᠭᠴᠠ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠡᠬᠢᠯᠡᠭᠦᠯᠪᠡᠯ ᠳᠠᠷᠤᠶ | ᠬᠤᠷᠳᠤᠴᠠ ᠪᠠᠨ ᠲᠦᠷᠭᠡᠳᠭᠡᠵᠦ᠂ ᠡᠬᠢᠯᠡᠪᠡᠯ ᠰᠢᠢᠳᠪᠦᠷᠢᠲᠦ ᠪᠠᠶᠢᠯᠳᠤᠭᠠᠨ ᠬᠢᠬᠦ︾ ᠲᠡᠮᠡᠴᠡᠯ ᠤᠨ ᠵᠣᠷᠢᠭ ᠢᠶᠠᠷ | ᠨᠢᠭᠡ ᠨᠢᠭᠡ ᠲᠥᠷᠥᠯ ᠵᠦᠢᠯ ᠢᠶᠠᠷ ᠬᠤᠷᠳᠤᠴᠠ ᠪᠠᠨ ᠲᠦᠷᠭᠡᠳᠬᠡᠵᠦ ᠂ ᠡᠨᠡ ᠵᠢᠯ 47 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ ᠨᠢᠭᠡᠳᠦᠭᠡᠷ ᠤᠯᠠᠷᠢᠯ ᠳᠤ 24 | ᠲᠦᠷᠦᠯ ᠵᠦᠢᠯ ᠠᠵᠢᠯ ᠡᠬᠢᠯᠡᠭᠦᠯᠵᠦ᠂ ᠪᠤᠰᠤᠳ ᠨᠢ 4 ᠰᠠᠷ᠎ᠠ ᠳᠤ ᠠᠵᠢᠯ ᠡᠬᠢᠯᠡᠭᠦᠯᠬᠦ ᠶᠢ ᠪᠠᠲᠤᠯᠠᠬᠤ ᠬᠡᠷᠡᠭᠲᠡᠶ᠃ | ᠶᠡᠷᠦᠩᠬᠡᠢ ᠪᠡᠯᠡ ᠣᠷᠣᠭᠤᠯᠤᠯᠲᠠ ᠨᠢ᠄ 12 ᠳ᠋ᠦᠩᠰᠢᠭᠤᠷ ᠲᠥᠭᠦᠷᠢᠭ᠃ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠵᠢᠯ ᠳᠤ 2.5GW ᠶᠢᠨ ᠡᠨᠧᠷᠭᠢ ᠬᠠᠳᠠᠭᠠᠯᠠᠬᠤ ᠬᠦᠴᠦᠳᠡᠯ | ᠥᠭᠡᠷᠡᠴᠢᠯᠡᠭᠴᠢ ᠶᠢᠨ ᠦᠢᠯᠡᠳᠪᠦᠷᠢᠯᠡᠯ ᠤᠨ ᠱᠤᠭᠤᠮ ᠪᠠ ᠵᠢᠯ ᠳᠤ 5GWh ᠡᠨᠧᠷᠭᠢ ᠬᠠᠳᠠᠭᠠᠯᠠᠬᠤ | ᠰᠢᠰᠲ᠋ᠧᠮ ᠤᠨ ᠦᠢᠯᠡᠳᠪᠦᠷᠢᠯᠡᠯ ᠤᠨ ᠱᠤᠭᠤᠮ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠢᠨ᠎ᠡ ᠪᠠᠷ | ᠪᠠᠶᠢᠭᠤᠯᠤᠨ᠎ᠠ᠃ | ᠲᠡᠷᠢᠭᠦᠨ ᠤ ᠴᠢᠨᠠᠷ᠄ ᠲᠣᠰ ᠲᠥᠷᠥᠯ ᠵᠦᠢᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠯᠢᠲ᠋ᠢ ᠳ᠋ᠢᠶᠠᠨ | ᡂᠢ ᠶᠢᠨ ᠡᠨᠧᠷᠭᠢ ᠬᠠᠳᠠᠭᠠᠯᠠᠬᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ ᠮᠡᠷᠭᠡᠵᠢᠯ ᠢ | ᠡᠵᠡᠮᠰᠢᠵᠦ᠂ ᠡᠨᠧᠷᠭᠢ ᠬᠠᠳᠠᠭᠠᠯᠠᠬᠤ ᠰᠢᠰᠲ᠋ᠧᠮ ᠤᠨ PCS᠂ EMS᠂ ᠰᠢᠯᠵᠢᠮᠡᠯ ᠴᠠᠬᠢᠯᠭᠠᠨ ᠡᠭᠦᠰᠭᠡᠭᠴᠢ᠂ | ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠭᠡᠭᠴᠢ ᠵᠡᠷᠭᠡ 114 ᠵᠦᠢᠯ ᠤᠨ ᠲᠤᠰᠬᠠᠶ ᠠᠰᠢᠭ ᠲᠠᠢ᠂ | ᠦᠢᠯᠡᠳᠬᠦᠨ ᠨᠢ ᠬᠠᠬᠢᠷ ᠬᠦᠢᠳᠡᠨ᠂ ᠥᠨᠳᠥᠷ ᠳᠠᠯᠠᠶ ᠶᠢᠨ ᠲᠦᠪᠰᠢᠨ ᠠᠴᠠ ᠡᠷᠭᠦᠭᠰᠡᠨ᠂ ᠶᠡᠭᠡ ᠪᠠᠭᠲᠠᠭᠠᠮᠵᠢ ᠲᠠᠢ | ᠡᠨᠧᠷᠭᠢ ᠬᠠᠳᠠᠭᠠᠯᠠᠬᠤ ᠰᠢᠰᠲ᠋ᠧᠮ ᠤᠨ ᠬᠡᠷᠡᠭᠯᠡᠭᠡᠨ ᠤ ᠬᠢᠵᠠᠭᠠᠷᠯᠠᠬᠤ ᠮᠡᠷᠭᠡᠵᠢᠯ ᠢ ᠳᠠᠪᠠᠵᠤ᠂ ᠨᠡᠯᠢᠶᠡᠳ ᠴᠢᠩᠭ᠎ᠠ ᠵᠠᠬ᠎ᠠ | ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠲᠠᠢ ᠶᠤᠮ᠃ ᠲᠤᠰ ᠲᠥᠰᠥᠯ ᠢ 2 ᠰᠠᠷ᠎ᠠ ᠶᠢᠨ 18 ᠤ ᠡᠳᠦᠷ | ᠡᠬᠢᠯᠡᠭᠦᠯᠵᠡᠢ᠃ | ᠲᠧ ᠯᠦᠩ ᠮᠧᠢ ᠡᠨᠧᠷᠭᠢ ᠬᠠᠳᠠᠭᠠᠯᠠᠬᠤ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ 2024 | ᠣᠨ ᠤ 10 ᠰᠠᠷ᠎ᠠ ᠳᠤ ᠪᠠᠶᠢᠭᠤᠯᠤᠭᠳᠠᠪᠠ᠂ ᠴᠧᠩᠳᠦ᠋ ᠲᠧ ᠯᠦᠩ ᠮᠧᠢ ᠡᠨᠧᠷᠭᠢ ᠬᠠᠳᠠᠭᠠᠯᠠᠬᠤ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠤᠪᠢ ᠡᠵᠡᠮᠳᠡᠭᠰᠡᠨ ᠬᠤᠪᠢᠶᠠᠷᠢ ᠺᠣᠮᠫᠠᠨᠢ ᠪᠣᠯᠤᠨ᠎ᠠ᠃ ᠴᠧᠩᠳᠦ᠋ ᠲᠧ ᠯᠦᠩ ᠮᠧᠢ | ᠡᠨᠧᠷᠭᠢ ᠬᠠᠳᠠᠭᠠᠯᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ 20 ᠭᠠᠷᠤᠢ ᠵᠢᠯ ᠤᠨ ᠴᠠᠬᠢᠯᠭᠠᠨ ᠬᠦᠴᠦᠨ ᠤ | ᠡᠯᠧᠺᠲᠷᠤᠨ ᠬᠦᠷᠢᠶᠡᠨ ᠤ ᠮᠡᠷᠭᠡᠵᠢᠯ ᠤᠨ ᠭᠦᠨ ᠵᠤᠵᠠᠭᠠᠨ ᠬᠤᠷᠠᠮᠳᠤᠯ ᠪᠠᠶᠢᠵᠤ᠂ ᠪᠦᠬᠦ ᠪᠥᠮᠪᠥᠷᠴᠡᠭ ᠤᠨ ᠨᠢᠭᠡᠳᠦᠭᠡᠷ | ᠳᠡᠰ ᠤᠨ ᠡᠨᠧᠷᠭᠢ ᠬᠠᠳᠠᠭᠠᠯᠠᠬᠤ ᠦᠢᠯᠡᠳᠪᠦᠷᠢ ᠪᠠᠶᠢᠵᠤ᠂ ᠬᠤᠷᠠᠮᠠᠯ ᠰᠢᠰᠲ᠋ᠧᠮ ᠪᠦᠬᠦ ᠤᠯᠤᠰ ᠤᠨ ᠡᠮᠦᠨ᠎ᠡ ᠠᠷᠪᠠᠨ | ᠬᠦᠴᠦᠷᠬᠡᠭ ᠲᠤ ᠪᠠᠶᠢᠷᠢᠯᠠᠵᠤ᠂ ᠦᠢᠯᠡᠳᠬᠦᠨ ᠨᠢ ᠨᠢᠭᠡᠨᠲᠡ ᠧᠦ᠋ᠷᠣᠫᠠ ᠲᠢᠪ᠂ ᠠᠮᠧᠷᠢᠺᠠ ᠲᠢᠪ᠂ ᠠᠹᠷᠢᠺᠠ ᠲᠢᠪ | ᠵᠡᠷᠭᠡ ᠤᠯᠠᠨ ᠭᠠᠵᠠᠷ ᠣᠷᠣᠨ ᠳᠤ ᠭᠠᠷᠭᠠᠭᠰᠠᠨ ᠪᠠᠶᠢᠨ᠎ᠠ᠃ ᠲᠧ ᠯᠦᠩ ᠮᠧᠢ ᠡᠨᠧᠷᠭᠢ ᠬᠠᠳᠠᠭᠠᠯᠠᠬᠤ ᠭᠦᠶᠦᠳᠡᠯ ᠤᠨ | ᠲᠥᠷᠥᠯ ᠵᠦᠢᠯ ᠵᠢᠱᠢᠯᠲᠡ ᠪᠠᠷ 2025 ᠣᠨ ᠤ 6 ᠰᠠᠷ᠎ᠠ ᠳᠤ ᠠᠰᠢᠭᠯᠠᠯᠲᠠ ᠳᠤ ᠣᠷᠣᠨ᠎ᠠ᠃ | | | | | | |