ᠨᠠᠷᠢᠨ ᠵᠦᠢᠯᠡᠰ ᠢ ᠴᠢᠩᠭ᠎ᠠ ᠠᠩᠬᠠᠷᠴᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠵᠠᠰᠠᠯᠲᠠ ᠶᠢ ᠴᠢᠩᠭᠠᠳᠬᠠᠬᠤ ᠬᠡᠷᠡᠭᠲᠡᠢ
ᠨᠡᠶᠢᠲᠡᠯᠡᠭᠰᠡᠨ ᠴᠠᠭ᠄
2025/2/27
    2024 ᠣᠨ ᠳᠤ᠂ ᠲᠣᠭᠤᠭᠠᠨᠪᠣᠯᠠᠭ ᠪᠠᠯᠭᠠᠰᠤᠨ ᠤ ᠬᠢᠨ ︽ᠰᠢᠢᠳᠪᠦᠷᠢᠯᠡᠭᠦ ᠰᠡᠳᠬᠢᠬᠦᠢ︾ ᠪᠣᠯᠣᠨ︽ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ︾ ᠶᠢ ᠪᠠᠷᠢᠮᠲᠠᠯᠠᠵᠤ᠂ ︽721︾ ᠠᠵᠢᠯ ᠤᠨ ᠠᠷᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠨᠠᠷᠢᠨ ᠵᠦᠢᠯᠡᠰ ᠤᠨ ᠲᠠᠯ᠎ᠠ ᠠᠴᠠ ᠠᠩᠬᠠᠷᠴᠣ ᠬᠦᠴᠦᠯᠡᠨ᠂ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ᠂ ᠨᠠᠷᠢᠯᠢᠭᠵᠢᠭᠤᠯᠤᠨ ᠵᠠᠰᠠᠬᠤ᠂  ᠪᠠᠶᠢᠩᠭᠤᠵᠢᠭᠤᠯᠤᠨ ᠬᠢᠨᠠᠨ ᠬᠠᠮᠢᠶᠠᠷᠬᠤ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠨ᠎ᠡ ᠦᠢᠯᠡᠳᠦᠯᠭᠡ ᠶᠢ ᠠᠬᠢᠭᠤᠯᠣᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠵᠡᠢ᠃     ᠲᠣᠭᠤᠷᠢᠨ ᠪᠠᠶᠢᠴᠠᠭᠠᠬᠤ ᠪᠠᠷ ︽ᠭᠠᠷᠳᠠᠬᠤ ᠴᠡᠭ︾ ᠪᠣᠯᠭᠠᠵᠤ ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠭᠵᠢᠯ ᠢ ᠠᠬᠢᠭᠤᠯᠪᠠ     ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠶᠢ ᠬᠦᠴᠦ ᠲᠠᠯᠪᠢᠨ ᠬᠠᠮᠠᠭᠠᠯᠠᠨ᠎ᠠ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠭᠤᠣᠯᠳᠠᠯᠭ᠎ᠠ  ᠲᠠᠢ ᠪᠠᠶᠢᠴᠠᠭᠠᠬᠤ᠂ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠣᠯᠳᠠᠭᠤ ᠬᠠᠷᠢᠶ᠎ᠠ ᠣᠷᠣᠨ ᠤ ᠪᠠᠨ ᠪᠠᠶᠢᠭᠠᠯᠢ ᠶᠢᠨ ᠡᠬᠢ ᠪᠠᠶᠠᠯᠢᠭ ᠤᠨ ᠭᠡᠷᠡᠯ ᠵᠢᠷᠤᠭ ᠤᠨ ᠵᠢᠷᠤᠭ ᠢ ᠵᠠᠰᠠᠬᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ᠂ ᠭᠤᠣᠯ ᠤᠨ ᠵᠠᠮ ᠢ ᠬᠠᠮᠢᠶᠠᠷᠤᠨ ᠡᠵᠡᠮᠳᠡᠬᠦ᠂ ᠬᠤᠲᠠ ᠶᠢᠨ ᠦᠵᠡᠮᠵᠢ ᠬᠤᠲᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ᠂ 500 ᠭᠠᠷᠤᠢ ᠤᠳᠠᠭᠠᠨ ᠤ ᠲᠣᠭᠤᠷᠢᠨ ᠪᠠᠶᠢᠴᠠᠭᠠᠯᠲᠠ  ᠶᠢ ᠥᠷᠨᠢᠭᠦᠯᠵᠦ᠂ 2000 ᠭᠠᠷᠤᠢ ᠬᠥᠮᠥᠨ ᠤᠳᠠᠭ᠎ᠠ ᠬᠥᠳᠡᠯᠭᠡᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠵᠦᠢ ᠵᠣᠬᠢᠰᠲᠠᠢ᠂ ᠶᠠᠪᠤᠭᠳᠠᠭᠤᠰᠢᠲᠠᠢ ᠴᠡᠭᠴᠡᠯᠡᠨ ᠰᠠᠶᠢᠵᠢᠷᠠᠭᠤᠯᠬᠤ ᠰᠠᠨᠠᠯ ᠢ ᠳᠤᠷᠠᠳᠬᠤ ᠶᠢᠨ ᠬᠠᠮᠲᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠨᠣᠮᠧᠷᠯᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠭᠡᠷᠡᠯ ᠵᠢᠷᠤᠭ ᠤᠨ ᠵᠢᠷᠤᠭ ᠤᠨ ᠲᠣᠯᠪᠤ ᠶᠢ 69 ᠴᠡᠭᠴᠡᠯᠡᠨ ᠰᠠᠶᠢᠵᠢᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢ 7000 ᠪᠣᠰᠤᠭ᠎ᠠ ᠳᠥᠷᠪᠡᠯᠵᠢᠨ ᠮᠧᠲᠷ ᠴᠡᠪᠡᠷᠯᠡᠵᠦ᠂ ᠬᠠᠲᠤᠨ ᠭᠤᠣᠯ ᠤᠨ ᠲᠠᠩ ᠣᠷᠣᠨ ᠤ ᠲᠠᠷᠢᠬᠤ ᠶᠢ ᠴᠠᠭᠠᠵᠠᠯᠠᠭᠰᠠᠨ ᠣᠷᠣᠨ ᠤ ᠦᠶᠡᠷ ᠤᠨ ᠤᠰᠤ ᠤᠷᠤᠰᠬᠠᠬᠤ ᠶᠢ ᠬᠠᠷᠰᠢᠯᠠᠭᠰᠠᠨ ᠥᠨᠳᠥᠷ ᠰᠦᠷᠡᠯ ᠢ 1000 ᠭᠠᠷᠤᠢ ᠮᠦ ᠴᠡᠭᠴᠡᠯᠡᠨ ᠰᠠᠶᠢᠵᠷᠠᠭᠤᠯᠣᠨ ᠲᠣᠭᠲᠠᠭᠠᠯ ᠠᠴᠠ ᠵᠥᠷᠢᠴᠡᠨ ᠣᠪᠣᠭᠠᠯᠠᠭᠰᠠᠨ 600 ᠲᠡᠭᠰᠢ ᠳᠥᠷᠪᠡᠯᠵᠢᠨ ᠮᠧᠲᠷ ᠪᠣᠳᠠᠰ ᠢ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠪᠡ᠃     ᠬᠠᠤᠯᠢ ᠶᠢ ᠭᠤᠣᠯᠴᠢ ᠪᠠᠷ ᠬᠡᠷᠡᠭᠵᠢᠭᠦᠯᠬᠦ ᠪᠠᠷ ︽ᠲᠤᠯᠭᠠᠭᠤᠷᠢᠯᠠᠬᠤ ᠴᠡᠭ︾ ᠪᠣᠯᠭᠠᠵᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠯᠭ᠎ᠠ ᠶᠢ ᠠᠬᠢᠭᠤᠯᠪᠠ     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠲᠤᠨ ᠭᠤᠣᠯ  ᠤᠨ ᠵᠠᠮ ᠢ ᠴᠢᠩᠭ᠎ᠠ ᠬᠢᠵᠠᠭᠠᠷᠯᠠᠵᠤ᠂ ᠭᠤᠣᠯ ᠤᠨ ᠵᠠᠮ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠠᠮᠢ ᠠᠬᠤᠢ ᠶᠢ ᠰᠡᠷᠭᠦᠭᠡᠬᠦ ᠪᠠ ᠲᠠᠷᠢᠶᠠᠴᠢᠳ ᠤᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠨ᠂ ᠬᠠᠤᠯᠢ ᠠᠴᠠ ᠵᠥᠷᠢᠴᠡᠨ ᠮᠠᠯᠵᠢᠭᠰᠠᠨ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠬᠥᠮᠥᠨ ᠲᠠᠢ ᠬᠦᠯᠢᠴᠡᠩᠭᠦᠢ ᠪᠠᠷ ᠵᠦᠪᠳᠡᠯᠴᠡᠨ᠂ ᠰᠢᠭᠦᠮᠵᠢᠯᠡᠨ ᠰᠤᠷᠭᠠᠵᠤ᠂ ᠴᠡᠭᠴᠡᠯᠡᠨ ᠥᠭᠡᠷᠡᠴᠢᠯᠡᠵᠦ ᠰᠢᠢᠳᠪᠦᠷᠢᠯᠡᠨ᠂ ᠪᠥᠬᠦ ᠵᠢᠯ ᠳᠤ ᠮᠠᠯᠯᠠᠬᠤ ᠶᠢ ᠬᠦᠷᠢᠶᠡᠯᠡᠨ ᠪᠢᠲᠡᠭᠦᠮᠵᠢᠯᠡᠵᠦ ᠴᠠᠭᠠᠵᠠᠯᠠᠬᠤ ᠳᠤ ᠬᠤᠯᠪᠣᠭᠳᠠᠭᠰᠠᠨ ᠡᠯ᠎ᠡ ᠲᠥᠷᠥᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠳᠠᠭᠠᠬᠤ ᠨᠣᠷᠮ᠎ᠠ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢᠲᠠᠶ ᠨᠣᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠴᠥᠮ 100% ᠳᠤ ᠬᠥᠷᠪᠡ᠃ ᠬᠠᠤᠯᠢ ᠠᠴᠠ ᠵᠥᠷᠢᠴᠡᠨ ᠮᠠᠯ ᠮᠠᠯᠯᠠᠭᠰᠠᠨ ᠥᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠵᠥᠷᠢᠴᠡᠪᠡᠯ ᠵᠠᠪᠠᠯ ᠪᠠᠶᠢᠴᠠᠭᠠᠬᠤ᠂ ᠵᠥᠷᠢᠴᠡᠪᠡᠯ ᠵᠠᠪᠠᠯ ᠲᠣᠷᠭᠠᠬᠤ ᠶᠢ ᠪᠡᠶᠡᠯᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠤᠷᠢᠭᠯᠠᠨ ᠵᠣᠭᠰᠤᠭᠠᠬᠤ ᠬᠡᠷᠡᠭᠲᠡᠢ᠃ ᠡᠰᠢ ᠰᠦᠷᠡᠯ ᠢ ᠰᠢᠲᠠᠭᠠᠬᠤ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ   ᠠᠴᠠ ᠵᠥᠷᠢᠴᠡᠭᠰᠡᠨ ᠰᠦᠪᠡᠭᠴᠢ ᠶᠢ ᠲᠦᠷᠭᠡᠨ ᠬᠡᠷᠡᠭ ᠪᠣᠯᠭᠠᠨ ᠳᠡᠩᠰᠡᠯᠡᠵᠦ᠂ ᠴᠢᠩᠭ᠎ᠠ ᠴᠣᠬᠢᠯᠲᠠ ᠥᠭᠴᠦ᠂ ᠰᠦᠷᠳᠡᠭᠦᠯᠬᠦ ᠬᠦᠴᠦᠨ ᠢ ᠪᠣᠶ ᠪᠣᠯᠭᠠᠨ᠎ᠠ᠃ ᠡᠭᠦᠨ ᠤ ᠵᠡᠷᠭᠡ ᠳᠤ᠂ ᠥᠨᠳᠥᠷ ᠨᠠᠰᠤᠲᠠᠢ ᠵᠡᠷᠭᠡ ᠣᠨᠴᠠᠭᠠᠶ ᠬᠠᠮᠲᠤᠯᠢᠭ ᠲᠤ ᠬᠠᠨᠳᠤᠯᠭᠠᠲᠤ ᠴᠢᠨᠠᠷᠲᠠᠢ ᠪᠠᠷ ᠤᠶᠠᠨ ᠬᠠᠲᠠᠨ ᠢᠶᠠᠷ ᠬᠠᠤᠯᠢ ᠬᠡᠷᠡᠭᠵᠢᠭᠦᠯᠬᠦ ᠪᠠ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠵᠦ᠂ ︽ᠠᠷᠠᠳ ᠲᠦᠮᠡᠨ ᠳᠤ ᠦᠢᠯᠡᠴᠢᠯᠡᠬᠦ︾ ᠠᠯᠲᠠᠨ ᠦᠰᠦᠭᠲᠦ ᠫᠠᠶᠢᠰᠠ ᠶᠢ ᠲᠠᠰᠤᠷᠠᠯᠲᠠ ᠦᠭᠡᠢ  ᠬᠢᠯᠠᠯᠵᠠᠭᠤᠯᠪᠠ᠃     ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠᠷ ︽ᠬᠦᠴᠦᠯᠡᠬᠦ ᠴᠡᠭ︾ ᠪᠣᠯᠭᠠᠵᠤ ᠬᠠᠤᠯᠢᠵᠢᠯ ᠤᠨ ᠣᠶᠢᠯᠠᠭᠠᠭᠳᠠᠬᠤᠨ ᠢ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ     ᠣᠯᠠᠨ ᠲᠦᠮᠡᠨ ᠤ ︽ᠭᠤᠣᠯ ᠴᠣᠭᠴᠠ︾ ᠶᠢ ᠴᠢᠩᠭ᠎ᠠ ᠠᠳᠬᠤᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ︽ᠴᠢᠭᠯᠡᠯ︾ ᠢ ᠣᠨᠣᠪᠴᠢᠲᠠᠶ ᠡᠵᠡᠮᠳᠡᠵᠦ᠂ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠢ ᠦᠨᠡᠨᠬᠦ ᠴᠢᠩᠭᠠᠳᠬᠠᠨ᠂ ᠤᠬᠠᠭᠤᠯᠭ᠎ᠠ ᠶᠢᠨ ᠪᠤᠯᠤᠩ᠂ ᠬᠥᠨᠳᠡᠯᠡᠨ ᠪᠢᠴᠢᠭᠡᠰᠦ ᠵᠡᠷᠭᠡ ᠶᠢ ᠠᠰᠢᠭᠯᠠᠨ ᠲᠣᠭᠲᠠᠩᠭᠤᠢ ᠳᠡᠯᠭᠡᠨ ᠦᠵᠡᠭᠦᠯᠵᠦ ᠤᠬᠠᠭᠤᠯᠵᠤ᠂ ᠤᠬᠠᠭᠤᠯᠭ᠎ᠠ ᠶᠢᠨ ᠠᠵᠢᠯᠯᠠᠭ᠎ᠠ ᠡᠷᠭᠢᠯᠡᠬᠦ᠂ ᠸᠢᠴᠠᠲ ᠤᠨ ᠨᠡᠶᠢᠲᠡ ᠶᠢᠨ ᠳ᠋ᠤᠭᠠᠷ ᠢ ᠨᠡᠶᠢᠲᠡᠯᠡᠬᠦ᠂ ᠸᠢᠴᠠᠲ ᠤᠨ ᠪᠦᠯᠦᠭᠯᠡᠯ ᠢ ᠳᠠᠮᠵᠢᠭᠤᠯᠤᠨ ᠲᠠᠷᠬᠠᠭᠠᠬᠤ ᠵᠡᠷᠭᠡ ᠪᠠᠷ ᠳᠠᠮᠵᠢᠭᠤᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠣᠯᠠᠨ ᠲᠦᠮᠡᠨ ᠳᠤ ᠴᠠᠭ ᠲᠤᠬᠠᠢ ᠳᠤᠨᠢ ᠬᠦᠷᠭᠡᠬᠦ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠪᠠᠷᠢᠯᠭ᠎ᠠ ᠶᠢᠨ ᠠᠵᠤ ᠠᠬᠤᠶᠢᠯᠠᠯ ᠳᠤ 50 ᠭᠠᠷᠤᠢ ᠳᠡᠪᠲᠡᠷ ︽ᠬᠠᠯᠠᠭᠤᠨ ᠳᠣᠲᠣᠨᠣ ᠰᠠᠨᠠᠭᠤᠯᠤᠮᠵᠢ ᠶᠢᠨ ᠪᠢᠴᠢᠭ︾ ᠲᠠᠷᠬᠠᠭᠠᠵᠤ᠂ ᠥᠷᠭᠡᠨ ᠣᠯᠠᠨ ᠰᠠᠭᠤᠭᠠᠯᠢ ᠠᠷᠠᠳ ᠲᠤ 80 ᠭᠠᠷᠤᠢ ᠬᠤᠪᠢ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ ᠶᠢᠨ ︽ᠨᠢᠭᠡ ᠵᠠᠬᠢᠳᠠᠯ︾ ᠲᠠᠷᠬᠠᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠦᠵᠡᠯ ᠤᠬᠠᠮᠰᠠᠷ ᠢ ᠦᠷᠭᠦᠯᠵᠢᠯᠡᠨ ᠴᠢᠩᠭᠠᠳᠬᠠᠪᠠ᠃ 18 ᠤᠳᠠᠭ᠎ᠠ ᠶᠢᠨ ᠪᠡᠯᠴᠢᠭᠡᠷᠯᠡᠭᠦᠯᠬᠦ ᠶᠢ ᠬᠦᠷᠢᠶᠡᠯᠡᠨ ᠪᠢᠲᠡᠭᠦᠮᠵᠢᠯᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ︽︿ᠪᠡᠯᠴᠢᠭᠡᠷᠯᠡᠭᠦᠯᠬᠦ ᠶᠢ ᠬᠦᠷᠢᠶᠡᠯᠡᠨ ᠪᠢᠲᠡᠭᠦᠮᠵᠢᠯᠡᠵᠦ ᠴᠠᠭᠠᠵᠠᠯᠠᠬᠤ﹀ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠠᠷᠯᠠᠯ︾ ᠢ 350 ᠭᠠᠷᠤᠢ ᠬᠤᠪᠢ ᠪᠠᠭᠤᠯᠭᠠᠵᠤ᠂ ᠲᠡᠵᠢᠭᠡᠨ ᠦᠷᠡᠵᠢᠭᠦᠯᠬᠦ ᠡᠷᠦᠬᠡ ᠯᠦᠭᠡ ︿ᠪᠡᠯᠴᠢᠭᠡᠷᠯᠡᠭᠦᠯᠬᠦ ᠶᠢ ᠴᠠᠭᠠᠵᠠᠯᠠᠬᠤ ᠠᠮᠠᠯᠠᠯᠲᠠ ᠶᠢᠨ ᠪᠢᠴᠢᠭ﹀ 76 ᠬᠤᠪᠢ ᠭᠠᠷ ᠤᠨ ᠥᠰᠥᠭ ᠵᠢᠷᠤᠵᠤ᠂ ᠭᠤᠣᠯᠳᠠᠯᠭ᠎ᠠ ᠲᠠᠢ ᠣᠷᠣᠨ ᠪᠦᠰᠡ ᠳᠤ ︽ᠪᠡᠯᠴᠢᠭᠡᠷᠯᠡᠭᠦᠯᠬᠦ ᠶᠢ ᠬᠦᠷᠢᠶᠡᠯᠡᠨ ᠪᠢᠲᠡᠭᠦᠮᠵᠢᠯᠡᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ︾ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ 4 ᠡᠯᠭᠦᠵᠦ᠂ ᠤᠬᠠᠭᠤᠯᠭ᠎ᠠ ᠶᠢᠨ ᠯᠣᠽᠦ᠋ᠩ 20 ᠭᠠᠷᠤᠢ ᠨᠠᠭᠠᠵᠤ᠂ ᠤᠬᠠᠭᠤᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠪᠠ᠃    ᠡᠮᠦᠨ᠎ᠡ ᠹᠷᠣᠨᠲ ᠲᠤ ᠦᠢᠯᠡᠴᠢᠯᠡᠬᠦ ᠪᠠᠷ ︽ᠰᠢᠪᠲᠤᠯᠤᠯᠲᠠ ᠶᠢᠨ ᠴᠡᠭ︾ ᠪᠣᠯᠭᠠᠵᠤ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢᠨ ᠬᠥᠮᠥᠨᠴᠢ ᠴᠢᠨᠠᠷ ᠢ ᠠᠬᠢᠭᠤᠯᠪᠠ      ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ︽ᠬᠠᠤᠯᠢ ᠬᠡᠷᠡᠭᠵᠢᠭᠦᠯᠬᠦ + ᠦᠢᠯᠡᠴᠢᠯᠡᠭᠡ︾ ᠶᠢᠨ ᠠᠵᠢᠯ ᠤᠨ ᠰᠢᠨ᠎ᠡ ᠵᠠᠭᠪᠤᠷ ᠢ ᠠᠬᠢᠭᠤᠯᠵᠤ᠂ ᠪᠦᠬᠦ ᠵᠢᠯ ᠤᠨ ᠬᠠᠲᠤᠨ ᠭᠤᠣᠯ ᠤᠨ ᠶᠡᠭᠡ ᠴᠤᠭᠯᠠᠷᠠᠯ ᠤᠨ ᠪᠤᠭᠤᠲᠤ ᠶᠢᠨ ᠬᠠᠲᠤᠨ ᠭᠤᠣᠯ ᠤᠨ ᠬᠠᠯᠢᠰᠣᠨ ᠰᠣᠩ᠂ ᠬᠠᠯᠢᠶ᠎ᠠ ᠵᠢᠭᠠᠰᠤᠨ ᠤ ᠪᠠᠶᠠᠷ᠂ ᠡᠯᠪᠡᠭ ᠬᠤᠷᠢᠶᠠᠯᠲᠠ ᠶᠢᠨ ᠪᠠᠶᠠᠷ ᠵᠡᠷᠭᠡ ᠡᠯ᠎ᠡ ᠲᠥᠷᠥᠯ ᠤᠨ ᠰᠣᠶᠣᠯ ᠤᠨ ᠵᠤᠭᠠᠴᠠᠯ ᠤᠨ ᠠᠵᠢᠯᠯᠠᠭ᠎ᠠ ᠶᠢᠨ ᠲᠣᠭᠤᠷᠢᠨ ᠳᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠢᠨ ᠲᠣᠭᠤᠷᠢᠨ ᠴᠠᠭᠳᠠᠬᠤ ᠡᠷᠴᠢᠮ ᠢᠶᠠᠨ ᠴᠢᠩᠭᠠᠷᠠᠭᠤᠯᠵᠤ᠂ ᠬᠠᠳᠤᠨ ᠭᠤᠣᠯ ᠤᠨ ᠶᠡᠭᠡ ᠬᠠᠰᠢᠯᠭ᠎ᠠ ᠪᠣᠯᠣᠨ ᠦᠵᠡᠮᠵᠢ ᠶᠢᠨ ᠣᠷᠣᠨ ᠤ ᠠᠮᠤᠷ ᠲᠦᠪᠰᠢᠨ ᠢ ᠪᠦᠬᠦ ᠡᠳᠦᠷ ᠢᠶᠠᠷ ᠢᠶᠠᠨ ᠲᠣᠭᠤᠷᠢᠨ ᠪᠠᠶᠢᠴᠠᠭᠠᠵᠤ᠂ ᠵᠤᠭᠠᠴᠠᠭᠰᠠᠳ ᠤᠨ ᠠᠰᠠᠭᠤᠨ ᠯᠠᠪᠯᠠᠭᠰᠠᠨ ᠢ ᠮᠢᠩᠭ᠎ᠠ ᠰᠢᠬᠠᠮ ᠤᠳᠠᠭ᠎ᠠ ᠬᠠᠷᠢᠭᠤᠯᠵᠤ᠂ ᠵᠤᠭᠠᠴᠠᠭᠰᠠᠳ ᠤᠨ ᠡᠯ᠎ᠡ ᠵᠦᠢᠯ ᠤᠨ 40 ᠭᠠᠷᠤᠢ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠵᠤᠭᠠᠴᠠᠭᠰᠠᠳ ᠤᠨ ᠭᠤᠣᠯ ᠳᠤ ᠪᠠᠭᠤᠵᠤ ᠰᠡᠭᠦᠳᠡᠷ ᠲᠠᠲᠠᠬᠤ᠂ ᠵᠤᠭᠠᠴᠠᠨ ᠨᠠᠭᠠᠳᠬᠤ ᠵᠡᠷᠭᠡ 120 ᠭᠠᠷᠤᠢ ᠬᠥᠮᠥᠨ ᠤᠳᠠᠭ᠎ᠠ ᠶᠢᠨ ᠠᠶᠤᠯᠲᠠᠢ ᠠᠵᠢᠯᠯᠠᠭ᠎ᠠ ᠶᠢ ᠢᠳᠬᠠᠨ ᠬᠤᠷᠢᠭᠯᠠᠵᠤ᠂ ᠬᠠᠳᠤᠨ ᠭᠤᠣᠯ ᠤᠨ ᠶᠡᠭᠡ ᠦᠵᠡᠮᠵᠢ ᠶᠢᠨ ᠣᠷᠣᠨ ᠤ ᠡᠯ᠎ᠡ ᠵᠦᠢᠯ ᠤᠨ ᠠᠵᠢᠯᠯᠠᠭ᠎ᠠ ᠶᠢᠨ ᠪᠦᠬᠦ ᠶᠠᠪᠤᠴᠠ ᠶᠢ  ᠬᠠᠮᠠᠭᠠᠯᠠᠵᠠᠢ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠳᠤ ᠭᠦᠨᠵᠡᠭᠡᠶᠢᠷᠡᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠸᠧ ᠯᠦᠩ ᠪᠤᠭᠤᠲᠤ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠰᠠᠨᠠᠭᠠᠴᠢᠯᠠᠭ᠎ᠠ   ᠠᠴᠠ ᠪᠠᠨ ᠵᠣᠯᠭᠠᠭᠤᠯᠵᠤ᠂ ᠲᠤᠰᠬᠠᠢ ᠬᠥᠮᠥᠨ ᠲᠣᠬᠢᠷᠠᠭᠤᠯᠤᠨ ᠲᠡᠳᠡᠨ ᠳᠤ ᠦᠢᠯᠡᠴᠢᠯᠡᠭᠡ ᠬᠠᠩᠭᠠᠵᠤ᠂ ᠲᠡᠳᠡᠨ ᠤ ᠬᠡᠷᠡᠭᠰᠡᠬᠦ ᠡᠯ᠎ᠡ ᠵᠦᠢᠯ ᠤᠨ ᠭᠠᠷᠳᠠᠮ ᠢ ᠪᠥᠬᠦ ᠶᠠᠪᠤᠴᠠ ᠳᠤ ᠪᠠᠷ᠎ᠠ ᠪᠣᠯᠵᠤ ᠭᠦᠢᠴᠡᠳᠬᠡᠨ᠂ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠭᠦᠨ᠎ᠡ᠃     ᠬᠡᠪ ᠴᠢᠨᠠᠷ ᠢ ᠳᠡᠭᠡᠭᠰᠢᠯᠡᠭᠦᠯᠬᠦ ᠪᠠᠷ ︽ᠵᠠᠩᠭᠢᠯᠠᠭ᠎ᠠ ᠶᠢᠨ ᠴᠡᠭ︾ ᠪᠣᠯᠭᠠᠵᠤ ᠬᠠᠤᠯᠢ ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠯᠲᠠ ᠶᠢ ᠠᠬᠢᠭᠤᠯᠪᠠ     ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠢᠨᠠᠮᠠᠭᠠᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠴᠢᠩᠭ᠎ᠠ ᠠᠩᠬᠠᠷᠴᠤ᠂ ᠬᠠᠤᠯᠢ ᠶᠢ ᠪᠣᠯᠪᠠᠰᠤᠨ ᠢᠶᠠᠷ ᠬᠡᠷᠡᠭᠵᠢᠭᠦᠯᠵᠦ᠂ ︽ᠢᠳᠡᠬᠦ ᠠᠪᠬᠤ ᠭᠠᠴᠢᠬᠤ︾ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠪᠠ᠃ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠥᠨᠳᠥᠷ ᠪᠦᠲᠦᠮᠵᠢᠲᠡᠶ ᠲᠤᠰᠬᠠᠢ ᠮᠡᠷᠭᠡᠵᠢᠯ ᠤᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠵᠤ᠂ ᠪᠥᠬᠦ ᠵᠢᠯ ᠳᠤ ᠡᠯ᠎ᠡ ᠲᠥᠷᠥᠯ ᠤᠨ ᠰᠤᠷᠤᠯᠴᠠᠯᠭ᠎ᠠ ᠪᠣᠯᠪᠠᠰᠤᠷᠠᠭᠤᠯᠤᠯ ᠢ 16 ᠤᠳᠠᠭ᠎ᠠ ᠥᠷᠨᠢᠭᠦᠯᠵᠦ᠂ ᠬᠡᠷᠡᠭ ᠰᠢᠢᠳᠪᠦᠷᠢᠯᠡᠬᠦ ᠶᠠᠪᠤᠴᠠ ᠳᠤ ᠡᠩᠨᠡᠭᠡ ᠪᠠᠨ ᠳᠠᠪᠲᠠᠨ ᠪᠣᠯᠪᠠᠰᠤᠷᠠᠭᠤᠯᠵᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠤᠭᠤᠲᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ 2024 ᠣᠨ ᠤ ᠪᠥᠬᠦ ᠬᠤᠲᠠ ᠶᠢᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯᠯᠠᠭᠴᠢ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠳᠤ ᠣᠨᠣᠯ ᠤᠨ ᠰᠢᠯᠭᠠᠯᠲᠠ᠂ ᠬᠡᠷᠡᠭ ᠢ ᠵᠠᠯᠠᠷᠠᠭᠤᠯᠬᠤ᠂ ᠳᠠᠭᠤᠷᠢᠶᠠᠮᠠᠯ ᠬᠡᠷᠡᠭ ᠰᠢᠢᠳᠪᠦᠷᠢᠯᠡᠬᠦ ᠵᠡᠷᠭᠡ ᠲᠥᠷᠥᠯ ᠵᠦᠢᠯ ᠤᠨ ᠥᠷᠢᠰᠦᠯᠳᠦᠭᠡᠨ ᠢᠶᠠᠷ ᠳᠡᠮᠵᠢᠨ᠂ ᠤᠷᠤᠯᠳᠤᠭᠠᠨ ᠳᠤ ᠣᠷᠣᠯᠴᠠᠭᠰᠠᠨ 48 ᠡᠩᠨᠡᠭᠡ ᠳᠤ ᠭᠤᠷᠪᠠᠳᠤᠭᠠᠷ ᠲᠤ ᠣᠷᠣᠭᠰᠠᠨ ᠰᠠᠶᠢᠨ ᠬᠢᠷᠢ ᠪᠦᠲᠦᠮᠵᠢ ᠣᠯᠣᠭᠰᠠᠨ ᠪᠠᠶᠢᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠤᠷᠲ᠋ᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号