ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠬᠤ | ᠢᠳᠡᠪᠬᠢᠵᠢᠯ ᠢ ᠳᠡᠭᠡᠭᠰᠢᠯᠡᠭᠦᠯᠬᠦ ᠶᠢᠨ ᠲᠤᠰᠠᠳᠠ᠂ ᠬᠤᠭ ᠨᠣᠪᠰᠢ ᠶᠢ ᠲᠥᠷᠥᠯ ᠬᠤᠪᠢᠶᠠᠬᠤ ᠵᠥᠪ ᠣᠨᠣᠯᠵᠢᠬᠤᠨ ᠢ | ᠪᠣᠶ ᠪᠣᠯᠭᠠᠬᠤ ᠬᠡᠷᠡᠭᠲᠡᠢ᠃ 2 ᠰᠠᠷ᠎ᠠ ᠶᠢᠨ 20 ᠤ ᠡᠳᠦᠷ᠂ ᠲᠣᠭᠤᠭᠠᠨᠪᠣᠯᠠᠭ ᠪᠠᠯᠭᠠᠰᠤᠨ ᠤ ᠴᠦᠨ ᠬᠤᠸ᠋ᠨ ᠨᠡᠶᠢᠭᠡᠮ | ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠵᠢᠴᠢ ᠵᠠᠯᠠᠭᠤ ᠪᠠᠭᠠᠴᠤᠳ ᠤᠨ ᠰᠠᠶᠢᠨ | ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠸᠠᠨ ᠴᠢᠤᠸᠠᠨ ᠵᠢᠶᠠ ᠶᠣᠸᠠᠨ B ᠲᠣᠭᠤᠷᠢᠭ ᠲᠤ ︽ᠬᠤᠭ | ᠨᠣᠪᠰᠢ ᠶᠢ ᠲᠥᠷᠥᠯ ᠬᠤᠪᠢᠶᠠᠬᠤ · ᠪᠢᠳᠡ ᠠᠵᠢᠯᠯᠠᠭ᠎ᠠ ᠠᠪᠴᠤ ᠪᠠᠶᠢᠨ᠎ᠠ︾ ᠭᠡᠬᠦ ᠬᠤᠭ ᠨᠣᠪᠰᠢ ᠶᠢ ᠲᠥᠷᠥᠯ | ᠬᠤᠪᠢᠶᠠᠬᠤ ᠤᠬᠠᠭᠤᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠴᠦᠨ ᠬᠤᠸ᠋ᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ | ᠭᠤᠸ ᠢᠦᠢ ᠵᠢᠶᠠᠩ ᠠᠳᠠᠯᠢ ᠪᠤᠰᠤ ᠬᠤᠭ ᠨᠣᠪᠰᠢ ᠳᠤ ᠴᠢᠭᠯᠡᠭᠦᠯᠦᠨ ᠰᠠᠶᠢᠨ ᠳᠤᠷ᠎ᠠ ᠶᠢᠨ ᠠᠵᠢᠯᠯᠠᠭᠴᠢᠳ ᠲᠤ | ᠲᠥᠷᠥᠯ ᠬᠤᠪᠢᠶᠠᠨ ᠲᠠᠶᠢᠯᠤᠮᠵᠢ ᠬᠢᠵᠦ᠂ ᠬᠤᠭ ᠨᠣᠪᠰᠢ ᠶᠢ ᠲᠥᠷᠥᠯ ᠬᠤᠪᠢᠶᠠᠬᠤ ᠶᠢᠨ ᠠᠰᠢᠭ ᠲᠤᠰᠠ ᠶᠢ | ᠣᠯᠠᠨ ᠳᠤ ᠣᠶᠢᠯᠠᠭᠠᠭᠤᠯᠬᠤ ᠶᠢᠨ ᠬᠠᠮᠲᠤ ᠬᠥᠮᠥᠨ ᠪᠣᠯᠭᠠᠨ ᠬᠤᠭ ᠨᠣᠪᠰᠢ ᠶᠢ ᠲᠥᠷᠥᠯ ᠬᠤᠪᠢᠶᠠᠬᠤ | ᠦᠢᠯᠡᠳᠦᠯᠭᠡ ᠳᠤ ᠣᠷᠣᠯᠴᠠᠬᠤ ᠶᠢ ᠵᠣᠷᠢᠭᠵᠢᠭᠤᠯᠵᠠᠢ᠃ ᠡᠭᠦᠨ ᠤ ᠬᠠᠮᠲᠤ ᠰᠠᠭᠤᠭᠠᠯᠢ ᠠᠷᠠᠳ ᠲᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠥᠭᠴᠦ᠂ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ | ᠬᠤᠪᠢᠶᠠᠬᠤ ᠶᠢ ᠤᠬᠠᠭᠤᠯᠬᠤ ᠳᠠᠭᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠬᠠᠮᠰᠠᠷ ᠠᠴᠠ ᠪᠠᠨ | ᠪᠣᠯᠪᠠᠰᠤᠨ ᠶᠣᠰᠣ ᠮᠣᠷᠠᠯ ᠲᠠᠢ᠂ ᠣᠷᠴᠢᠨ ᠲᠣᠭᠤᠷᠢᠨ ᠢ ᠬᠠᠮᠠᠭᠠᠯᠠᠬᠤ᠂ ᠭᠠᠵᠠᠷ ᠪᠣᠯᠭᠠᠨ ᠳᠤ ᠬᠤᠭ ᠨᠣᠪᠰᠢ | ᠬᠠᠶᠠᠬᠤ ᠦᠭᠡᠢ ᠳᠠᠳᠬᠠᠯ ᠲᠠᠢ ᠪᠣᠯᠵᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ | ᠬᠡᠷᠡᠭᠲᠡᠢ ᠭᠡᠪᠠ᠃ | | | | | | | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤ ᠪᠠᠭ᠎ᠠ ᠰᠤᠷᠤᠭᠴᠢᠳ ᠲᠤ ᠬᠤᠭ ᠨᠣᠪᠰᠢ ᠶᠢ | ᠲᠥᠷᠥᠯ ᠬᠤᠪᠢᠶᠠᠬᠤ ᠪᠣᠯ ᠨᠢᠭᠡ ᠵᠦᠢᠯ ᠤᠨ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠮᠥᠨ᠂ ᠬᠤᠪᠢ | ᠬᠥᠮᠥᠨ ᠪᠠ ᠭᠡᠷ ᠪᠦᠯᠢ ᠪᠣᠯ ᠬᠤᠭ ᠨᠣᠪᠰᠢ ᠶᠢ ᠲᠥᠷᠥᠯ ᠬᠤᠪᠢᠶᠠᠬᠤ ᠭᠤᠣᠯ ᠴᠣᠭᠴᠠ ᠮᠥᠨ᠂ ᠪᠢᠳᠡ ᠪᠠᠭ᠎ᠠ | ᠠᠴᠠ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠬᠤᠭ ᠨᠣᠪᠰᠢ ᠶᠢ ᠲᠥᠷᠥᠯ ᠬᠤᠪᠢᠶᠠᠬᠤ ᠳᠤ | ᠥᠪᠡᠷ ᠤᠨ ᠬᠤᠪᠢ ᠨᠡᠮᠡᠷᠢ ᠪᠠᠨ ᠦᠵᠡᠭᠦᠯᠵᠦ᠂ ᠣᠷᠣᠰᠢᠨ ᠰᠠᠭᠤᠬᠤ ᠰᠠᠶᠢᠨ ᠰᠠᠶᠢᠬᠠᠨ ᠡᠶ᠎ᠡ ᠵᠣᠬᠢᠴᠠᠯ ᠲᠠᠢ | ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠢ ᠭᠡᠳᠡᠭ ᠢ ᠤᠯᠠᠮ ᠨᠢᠭᠡ ᠠᠯᠬᠤᠮ ᠲᠠᠨᠢᠭᠤᠯᠪᠠ᠃ |