ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠤᠭᠠᠨᠪᠣᠯᠠᠭ | ᠪᠠᠯᠭᠠᠰᠤ ᠶᠢᠨ ᠬᠢᠨ ︽ᠬᠥᠳᠡᠭᠡ ᠲᠣᠰᠬᠤᠨ ᠲᠠᠢ ᠰᠡᠳᠬᠢᠯ ᠵᠢᠷᠦᠬᠡ ᠪᠠᠨ ᠬᠤᠯᠪᠣᠵᠤ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠪᠥᠬᠦ ᠰᠡᠳᠬᠢᠯ ᠢᠶᠠᠷ ᠢᠶᠠᠨ ᠬᠠᠪᠰᠤᠷᠤᠨ | ᠲᠡᠳᠬᠦᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠰᠡᠨ ᠬᠡᠮᠡᠷᠯᠢᠭ | ᠲᠤᠭ ᠢ ᠭᠦᠸᠧ ᠨᠧᠩ ᠪᠦᠦ ᠱᠧᠨ ᠲᠡᠮᠦᠷ ᠵᠠᠮ ᠤᠨ ᠪᠦᠯᠦᠭᠯᠡᠯ ᠳᠤ ᠬᠦᠷᠭᠡᠵᠦ᠂ ᠲᠡᠳᠡᠨ ᠤ ᠲᠣᠭᠤᠭᠠᠨᠪᠣᠯᠠᠭ | ᠪᠠᠯᠭᠠᠰᠤ ᠶᠢᠨ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠭᠰᠠᠨ ᠪᠠᠶᠢᠨ᠎ᠠ᠃ | | | | | ᠣᠶᠢᠯᠠᠭᠠᠭᠰᠠᠨ ᠢᠶᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠤᠭᠠᠨᠪᠣᠯᠠᠭ | ᠪᠠᠯᠭᠠᠰᠤᠨ ᠤ ᠬᠠᠷᠢᠶᠠᠲᠤ ᠬᠢᠯᠢ ᠶᠢᠨ ᠵᠠᠭᠠᠭ ᠲᠣᠰᠬᠤᠨ ᠢᠳᠡᠰᠢᠨ ᠨᠣᠭᠤᠭ᠎ᠠ ᠶᠢᠨ ᠲᠠᠷᠢᠮᠠᠯ ᠰᠣᠩᠭᠢᠨ᠎ᠠ᠂ ᠴᠠᠭᠠᠨ | ᠨᠣᠭᠤᠭ᠎ᠠ᠂ ᠪᠥᠭᠡᠷᠡᠩᠬᠡᠢ ᠨᠣᠭᠤᠭ᠎ᠠ᠂ ᠰᠣᠩᠭᠢᠨ᠎ᠠ᠂ ᠲᠥᠮᠥᠰᠥ ᠳᠠᠷᠢᠬᠤ ᠪᠠᠷ ᠭᠤᠣᠯ ᠪᠣᠯᠭᠠᠵᠤ ᠪᠣᠶ᠂ ᠵᠠᠬ᠎ᠠ | ᠳᠡᠯᠭᠡᠭᠦᠷ ᠲᠤ ᠲᠥᠪᠯᠡᠷᠡᠭᠦᠯᠦᠨ ᠭᠠᠷᠭᠠᠬᠤ ᠰᠠᠷ᠎ᠠ ᠨᠢ 7 ᠰᠠᠷ᠎ᠠ ᠶᠢᠨ ᠡᠬᠢᠨ ᠠᠴᠠ 10 ᠰᠠᠷ᠎ᠠ ᠶᠢᠨ ᠡᠬᠢ ᠪᠣᠯᠲᠠᠯ᠎ᠠ | ᠪᠠᠶᠢᠵᠤ᠂ ᠡᠯ᠎ᠡ ᠲᠥᠷᠥᠯ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠲᠥᠪᠯᠡᠷᠡᠭᠦᠯᠦᠨ ᠭᠠᠷᠭᠠᠬᠤ | ᠬᠤᠭᠤᠴᠠᠭᠠᠨ ᠳᠠᠬᠢ ᠭᠠᠷᠤᠯᠲᠠ ᠶᠢ 3000 ᠲᠣᠨ ᠪᠣᠯᠭᠠᠬᠤ ᠪᠠᠷ ᠵᠢᠱᠢᠵᠦ ᠪᠣᠶ᠃ ᠰᠢᠨ᠎ᠡ ᠰᠣᠷᠭᠤᠭ ᠢᠶᠠᠷ | ᠬᠠᠳᠠᠭᠠᠯᠠᠬᠤ᠂ ᠪᠦᠲᠦᠭᠡᠭᠳᠡᠬᠦᠨ ᠢ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠬᠥᠭᠵᠢᠯᠲᠡ ᠤᠳᠠᠭᠠᠰᠢᠷᠠᠭᠰᠠᠨ ᠠᠴᠠ | ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠤᠯᠠᠷᠢᠯ ᠤᠨ ᠨᠥᠯᠥᠭᠡ ᠠᠴᠠ ᠪᠣᠯᠵᠤ᠂ ᠦᠨ᠎ᠡ | ᠬᠠᠩᠰᠢ ᠶᠢᠨ ᠬᠡᠯᠪᠡᠯᠵᠡᠯ ᠨᠡᠯᠢᠶᠡᠳ ᠶᠡᠭᠡ ᠪᠣᠯᠵᠤ᠂ ᠪᠣᠷᠤᠯᠠᠭᠤᠯᠭ᠎ᠠ ᠵᠣᠭᠰᠣᠩᠭᠢᠷᠠᠬᠤ ᠠᠰᠠᠭᠤᠳᠠᠯ ᠠᠮᠠᠷᠬᠠᠨ ᠭᠠᠷᠴᠤ᠂ | ᠲᠠᠷᠢᠶᠠᠴᠢᠨ ᠡᠷᠦᠬᠡ ᠶᠢᠨ ᠲᠠᠷᠢᠮᠠᠯ ᠤᠨ ᠠᠰᠢᠭ ᠣᠷᠣᠯᠭ᠎ᠠ ᠶᠢ ᠰᠢᠭᠤᠳ ᠨᠥᠯᠥᠭᠡᠯᠡᠳᠡᠭ᠃ | ᠬᠡᠷᠬᠢᠨ ᠲᠠᠷᠢᠶᠠᠯᠠᠩ ᠤᠨ ᠪᠦᠲᠦᠭᠡᠭᠳᠡᠬᠦᠨ ᠤ ᠰᠢᠨ᠎ᠡ ᠰᠣᠷᠭᠤᠭ ᠴᠢᠨᠠᠷ ᠴᠢᠨᠰᠠᠭ᠎ᠠ ᠶᠢ ᠪᠠᠲᠤᠯᠠᠵᠤ᠂ ᠲᠡᠭᠦᠨ ᠤ | ᠬᠤᠳᠠᠯᠳᠤᠬᠤ ᠴᠠᠭ ᠢ ᠤᠷᠲᠤᠳᠬᠠᠵᠤ᠂ ᠲᠠᠷᠢᠶᠠᠴᠢᠨ ᠡᠷᠦᠭᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠨᠢ | ᠣᠶᠢᠷ᠎ᠠ ᠶᠢᠨ ᠬᠤᠶᠠᠷ ᠵᠢᠯ ᠤᠨ ᠲᠤᠷᠰᠢᠬᠢ ᠲᠣᠭᠤᠭᠠᠨᠪᠣᠯᠠᠭ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠥᠷᠢᠰᠦᠯᠳᠦᠨ ᠤᠷᠤᠭᠰᠢᠯᠠᠵᠤ᠂ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠪᠣᠯᠪᠠ᠃ | | | | ᠡᠭᠦᠨ ᠤ ᠲᠤᠯᠠᠳᠠ᠂ ᠲᠣᠭᠤᠭᠠᠨᠪᠣᠯᠠᠭ ᠪᠠᠯᠭᠠᠰᠤ ᠶᠢᠨ ᠬᠢᠨ ᠭᠦᠸᠧ ᠨᠧᠩ ᠪᠦᠦ ᠱᠧᠨ ᠲᠡᠮᠦᠷ ᠵᠠᠮ ᠤᠨ | ᠪᠦᠯᠦᠭᠯᠡᠯ ᠲᠠᠢ ᠭᠦᠨᠵᠡᠭᠡᠢ ᠵᠣᠯᠭᠠᠭᠤᠯᠬᠤ ᠪᠠᠷ ᠳᠠᠮᠵᠢᠭᠤᠯᠵᠤ᠂ 220 ᠲᠦᠮᠡᠨ ᠲᠥᠭᠦᠷᠢᠭ ᠤᠨ ᠬᠠᠪᠰᠤᠷᠤᠨ | ᠲᠡᠳᠬᠦᠬᠦ ᠪᠡᠯᠡ ᠮᠥᠩᠭᠦ ᠶᠢ ᠢᠳᠡᠪᠬᠢᠲᠡᠢ ᠣᠯᠵᠤ᠂ 2000 ᠲᠡᠭᠰᠢ ᠳᠦᠷᠪᠡᠯᠵᠢᠨ ᠮᠧᠲᠷ ᠭᠠᠵᠠᠷ ᠡᠵᠡᠯᠡᠬᠦ ᠬᠢᠯᠢ | ᠶᠢᠨ ᠵᠠᠭᠠᠭ ᠲᠣᠰᠬᠤᠨ ᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠵᠢᠴᠢ ᠬᠦᠢᠲᠡᠨ ᠬᠥᠮᠥᠷᠭᠡ ᠶᠢᠨ ᠳᠦᠷᠦᠯ | ᠵᠦᠢᠯ ᠢ ᠪᠦᠲᠦᠭᠡᠨ ᠪᠠᠶᠢᠭᠤᠯᠬᠤ ᠶᠢᠨ ᠬᠠᠮᠲᠤ ᠵᠢᠮᠢᠰ ᠨᠣᠭᠤᠭ᠎ᠠ ᠶᠢᠨ ᠰᠢᠨ᠎ᠡ ᠰᠣᠷᠭᠤᠭ ᠪᠠᠶᠢᠯᠭᠠᠬᠤ ᠬᠦᠢᠲᠡᠨ | ᠬᠠᠳᠠᠭᠠᠯᠠᠬᠤ ᠲᠥᠬᠦᠭᠡᠷᠦᠮᠵᠢ ᠵᠢᠴᠢ ᠤᠰᠤ᠂ ᠴᠠᠬᠢᠯᠭᠠᠨ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠵᠡᠢ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠳᠤ ᠪᠠᠷᠤᠭ 5000 ᠲᠣᠨ ᠵᠢᠮᠢᠰ ᠨᠣᠭᠤᠭ᠎ᠠ | ᠬᠠᠳᠠᠭᠠᠯᠠᠬᠤ ᠪᠣᠯᠣᠨ᠎ᠠ᠃ | ᠱᠢ ᠮᠸᠢ ᠯᠠᠨ | ᠬᠢᠯᠢ ᠶᠢᠨ ᠵᠠᠭᠠᠭ ᠲᠣᠰᠬᠤᠨ ᠤ ᠨᠠᠮ ᠤᠨ ᠡᠭᠦᠷ ᠤᠨ ᠱᠦᠵᠢ | ︽ᠭᠦᠸᠧ ᠨᠧᠩ ᠪᠦᠦ ᠱᠧᠨ ᠲᠡᠮᠦᠷ ᠵᠠᠮ ᠤᠨ ᠪᠦᠯᠦᠭᠯᠡᠯ ᠤᠨ ᠬᠠᠨᠳᠢᠪᠯᠡᠭ᠌ᠰᠠᠨ 220 ᠲᠦᠮᠡᠨ | ᠲᠥᠭᠦᠷᠢᠭ ᠤᠨ ᠪᠡᠯᠡ ᠮᠥᠩᠭᠦ ᠲᠠᠢ ᠪᠣᠯᠤᠭᠰᠠᠨ ᠤ ᠳᠡᠭᠡᠷ᠎ᠡ ᠪᠢᠳᠡᠨ ᠤ 980 ᠲᠣᠰᠬᠤᠨ ᠤ ᠠᠷᠠᠳ ᠤᠨ | ᠬᠤᠷᠰᠢᠶ᠎ᠠ ᠳᠤ ᠬᠤᠪᠢ ᠣᠷᠣᠭᠤᠯᠵᠤ ᠴᠤᠭᠯᠠᠭᠤᠯᠤᠭᠰᠠᠨ 56 ᠲᠦᠮᠡᠨ ᠲᠥᠭᠦᠷᠢᠭ ᠤᠨ ᠪᠡᠯᠡ ᠮᠥᠩᠭᠦ ᠶᠢ | ᠣᠷᠣᠭᠤᠯᠤᠭᠰᠠᠨ ᠠᠴᠠ ︿ᠲᠣᠰᠬᠤᠨ ᠠᠵᠤ ᠠᠬᠤᠶᠢᠯᠠᠯ﹀ ᠭᠠᠷ ᠬᠤᠯᠪᠣᠯᠴᠠᠨ ᠰᠢᠨ᠎ᠡ ᠰᠣᠷᠭᠤᠭ ᠪᠠᠶᠢᠯᠭᠠᠬᠤ | ᠬᠥᠮᠥᠷᠭᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠲᠦᠷᠦᠯ ᠵᠦᠢᠯ ᠢ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠲᠣᠰᠬᠤᠨ ᠤ ᠠᠷᠠᠳ ᠤᠨ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠢ ᠬᠠᠳᠠᠭᠠᠯᠠᠬᠤ ᠬᠡᠷᠡᠭᠴᠡᠭᠡ ᠶᠢ ᠬᠠᠩᠭᠠᠵᠤ᠂ ᠬᠥᠳᠡᠭᠡ ᠠᠵᠤ ᠠᠬᠤᠢ ᠶᠢᠨ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠠᠪᠴᠢᠷᠠᠵᠤ᠂ ᠲᠣᠰᠬᠤᠨ ᠤ ᠠᠷᠠᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠬᠦ ᠪᠣᠯᠣᠨ᠎ᠠ︾ ᠭᠡᠪᠠ᠃ | ᠱᠢ ᠮᠸᠢ ᠯᠠᠨ | ᠬᠢᠯᠢ ᠶᠢᠨ ᠵᠠᠭᠠᠭ ᠲᠣᠰᠬᠤᠨ ᠤ ᠨᠠᠮ ᠤᠨ ᠡᠭᠦᠷ ᠤᠨ ᠱᠦᠵᠢ | ︽ᠬᠢᠯᠢ ᠶᠢᠨ ᠵᠠᠭᠠᠭ ᠲᠣᠰᠬᠤᠨ ᠳᠤ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠠᠵᠤ ᠠᠬᠤᠶᠢᠯᠠᠯ 3 | ᠂ ᠢᠳᠡᠰᠢᠨ ᠨᠣᠭᠤᠭ᠎ᠠ ᠶᠢᠨ ᠣᠷᠣᠯᠠᠨ ᠭᠦᠢᠴᠡᠳᠬᠡᠬᠦ ᠬᠤᠷᠰᠢᠶ᠎ᠠ 1 ᠪᠤᠶ᠂ ᠲᠥᠮᠥᠰᠥ᠂ ᠰᠣᠩᠭᠢᠨ᠎ᠠ᠂ ᠴᠠᠭᠠᠨ | ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠲᠥᠪᠯᠡᠷᠡᠭᠦᠯᠦᠨ ᠭᠠᠷᠭᠠᠭᠰᠠᠨ | ᠬᠤᠭᠤᠴᠠᠭᠠᠨ ᠳᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠪᠣᠯᠣᠨ ᠬᠦᠢᠲᠡᠨ ᠬᠥᠮᠥᠷᠭᠡ ᠶᠢᠨ ᠬᠠᠩᠭᠠᠯᠭ᠎ᠠ ᠨᠢ | ᠬᠡᠷᠡᠭᠴᠡᠭᠡ ᠳᠡᠭᠡᠨ ᠬᠦᠷᠬᠦ ᠦᠭᠡᠢ ᠪᠠᠶᠢᠨ᠎ᠠ᠃ ᠰᠢᠨ᠎ᠡ ᠰᠣᠷᠭᠤᠭ ᠪᠠᠶᠢᠯᠭᠠᠬᠤ ᠬᠥᠮᠥᠷᠭᠡ ᠪᠣᠯᠣᠨ ᠬᠦᠢᠲᠡᠨ ᠬᠥᠮᠥᠷᠭᠡ | ᠶᠢᠨ ᠵᠦᠢᠯᠡᠰ ᠰᠠᠶ᠋ᠢᠬᠠᠨ ᠳᠠᠭᠤᠰᠴᠤ᠂ ᠲᠣᠰᠬᠤᠨ ᠤ ᠠᠷᠠᠳ ᠳ᠋ᠢᠩ ᠹᠧᠢ ᠨᠢᠭᠡᠨᠲᠡ 1000 ᠲᠡᠭᠰᠢ ᠳᠥᠷᠪᠡᠯᠵᠢᠨ | ᠮᠧᠲᠷ ᠤᠨ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ ᠲᠦᠷᠢᠶᠡᠰᠦᠯᠡᠬᠦ ᠰᠠᠨᠠᠭ᠎ᠠ ᠲᠠᠢ ᠪᠣᠯᠵᠤ᠂ ᠵᠢᠮᠢᠰ ᠨᠣᠭᠤᠭ᠎ᠠ | ᠬᠠᠳᠠᠭᠠᠯᠠᠬᠤ ᠳᠤ ᠬᠡᠷᠡᠭᠯᠡᠨ᠎ᠡ︾ ᠭᠡᠪᠡ᠃ | | | | | ᠬᠡᠮᠡᠷᠯᠢᠭ ᠲᠤᠭ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠬᠡᠷᠡᠴᠢᠡᠯᠡᠨ ᠲᠣᠰᠬᠤᠨ | ᠠᠵᠤ ᠠᠬᠤᠶᠢᠯᠠᠯ ᠭᠠᠷ ᠬᠤᠯᠪᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠲᠤᠪᠠᠷ | ᠰᠦᠪᠡᠭᠴᠢᠯᠡᠨ᠎ᠡ᠃ ᠲᠣᠭᠤᠭᠠᠨᠪᠣᠯᠠᠭ ᠪᠠᠯᠭᠠᠰᠤ ︽ᠲᠣᠰᠬᠤᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ︾ | ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠠᠵᠤ ᠠᠬᠤᠶᠢᠯᠠᠯ + ᠲᠣᠰᠬᠤᠨ ᠤ ᠬᠠᠮᠲᠤ︾᠂ ︽ᠠᠵᠤ | ᠠᠬᠤᠶᠢᠯᠠᠯ + ᠲᠠᠷᠢᠶᠠᠴᠢᠨ ᠡᠷᠦᠬᠡ︾ ᠵᠡᠷᠭᠡ ᠤᠯᠠᠨ ᠡᠰᠢᠲᠦ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠵᠦ᠂ | ᠬᠥᠳᠡᠭᠡ ᠲᠣᠰᠬᠤᠨ᠂ ᠲᠠᠷᠢᠶᠠᠴᠢᠨ᠂ ᠠᠵᠤ ᠠᠬᠤᠶᠢᠯᠠᠯ ᠥᠪᠡᠷ ᠥᠪᠡᠷ ᠤᠨ ᠴᠢᠳᠠᠯ ᠢᠶᠠᠨ ᠪᠠᠳᠠᠷᠠᠭᠤᠯᠬᠤ ᠶᠢ | ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ᠂ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ᠂ ᠠᠵᠤ | ᠠᠬᠤᠶᠢᠯᠠᠯ ᠠᠰᠢᠭ ᠣᠯᠵᠠᠪᠤᠷᠢ ᠲᠠᠢ ᠤᠯᠠᠨ ᠲᠠᠯ᠎ᠠ ᠪᠠᠷ ᠠᠰᠢᠭ ᠬᠦᠷᠳᠡᠬᠦ ᠪᠠᠶᠢᠳᠠᠯ ᠢ ᠪᠤᠢ ᠪᠣᠯᠭᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ︽ᠲᠣᠰᠬᠤᠨ ᠠᠵᠤ | ᠠᠬᠤᠶᠢᠯᠠᠯ ᠬᠠᠮᠲᠤᠪᠠᠷ ᠪᠠᠶᠢᠭᠤᠯᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠬᠠᠭᠤᠳᠠᠰᠤ ᠶᠢ ᠬᠠᠮᠲᠤᠪᠠᠷ ᠵᠢᠷᠤᠭᠯᠠᠨ᠎ᠠ᠃ |