︽ᠭᠤᠷᠪᠠᠨ ᠰᠢᠨ᠎ᠡ︾ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠨᠠᠮ ᠤᠨ ᠠᠵᠢᠯ ᠤᠨ ᠠᠵᠢᠯᠲᠠᠨ ᠤ ᠠᠵᠢᠯ ᠶᠠᠪᠤᠳᠠᠯ ᠪᠤᠳᠤᠯᠢᠶᠠᠨᠲᠠᠢ᠂ ᠣᠶᠤᠨ ᠴᠢᠳᠠᠯ ᠲᠠᠷᠠᠬᠠᠢ | ᠪᠤᠲᠠᠷᠬᠠᠢ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠬᠢᠨ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽ᠵᠠᠬᠢᠶᠠᠯᠭ᠎ᠠ ᠮᠠᠶ᠋ᠢᠭ︾ ᠤᠨ | ᠦᠢᠯᠡᠴᠢᠯᠡᠭᠡ ᠶᠢ ᠰᠢᠨ᠎ᠡ ᠶᠢ ᠡᠭᠦᠳᠦᠨ ᠭᠠᠷᠭᠠᠵᠤ᠂ ︽ᠭᠤᠷᠪᠠᠨ ᠰᠢᠨ᠎ᠡ︾ ᠨᠠᠮ ᠤᠨ ᠪᠠᠶᠢᠭᠤᠯᠤᠯᠲᠠ ᠶᠢᠨ ︽ | ᠪᠦᠷᠢᠨ ᠴᠢᠨᠠᠷ ᠤᠨ ᠰᠢᠮ᠎ᠡ ᠲᠡᠵᠢᠭᠡᠯ︾ ᠤᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠵᠤ᠂ ᠪᠥᠬᠦ | ᠣᠷᠣᠨ ᠤ ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | | | | | ᠨᠠᠮ ᠪᠠ ᠤᠯᠠᠨ ᠲᠦᠮᠡᠨ ᠤ ᠠᠵᠢᠯ ᠤᠨ ᠬᠡᠯᠲᠡᠰ ᠬᠠᠷᠢᠶ᠎ᠠ ᠣᠷᠣᠨ ᠤ ᠪᠠᠨ ᠨᠡᠶᠢᠲᠡ ᠶᠢᠨ ᠪᠤᠰᠤ ᠵᠣᠬᠢᠶᠠᠨ | ᠪᠠᠶᠢᠭᠤᠯᠤᠯᠲᠠ ᠳᠤ ᠬᠦᠷᠴᠦ ᠨᠡᠶᠢᠲᠡ ᠶᠢᠨ ᠪᠤᠰᠤ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | | ᠬᠡᠷᠡᠭᠴᠡᠭᠡ ᠱᠠᠭᠠᠷᠳᠠᠯᠭ᠎ᠠ ᠶᠢ ᠨᠠᠷᠢᠨ ᠰᠤᠳᠤᠯᠵᠤ᠂ ᠲᠤᠰᠬᠠᠢ ︽ᠵᠠᠬᠢᠶᠠᠯᠭ᠎ᠠ︾ ᠶᠢ ᠲᠣᠭᠳᠠᠭᠠᠪᠠ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠭᠦᠨᠵᠡᠭᠡᠢ ᠪᠠᠶᠢᠴᠠᠭᠠᠨ ᠰᠤᠳᠤᠯᠤᠯᠲᠠ | ᠬᠢᠬᠦ ᠪᠠᠷ ᠳᠠᠮᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠣᠳᠠᠲᠤ ᠪᠠᠶᠢᠳᠠᠯ ᠪᠣᠯᠣᠨ ᠤᠯᠠᠨ ᠡᠰᠢᠲᠦ | ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠵᠤ᠂ ᠠᠯᠢ ᠤᠯᠠᠨ ᠨᠠᠮ ᠤᠨ ᠠᠵᠢᠯ ᠤᠨ ᠵᠠᠭᠪᠤᠷ︽ᠲᠣᠪᠶᠤᠭ︾ | ᠢ ᠨᠠᠷᠢᠨ ᠨᠢᠮᠪᠠᠢ ᠲᠣᠭᠲᠠᠭᠠᠵᠠᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠣᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠲᠥᠯᠥᠪᠯᠡᠭᠡ ᠠᠴᠠ ︽ᠭᠤᠷᠪᠠᠨ ᠬᠤᠷᠠᠯ ᠨᠢᠭᠡ ᠬᠢᠴᠢᠶᠡᠯ︾ ᠤᠨ ᠨᠠᠷᠢᠯᠢᠭ ᠲᠣᠬᠢᠷᠠᠭᠤᠯᠤᠯᠲᠠ ᠬᠦᠷᠲᠡᠯ᠎ᠡ᠂ | ᠲᠠᠬᠢᠭᠠᠳ ᠬᠤᠭᠤᠴᠠᠭ᠎ᠠ ᠰᠣᠯᠢᠬᠤ ᠰᠣᠩᠭᠤᠭᠤᠯᠢ᠂ ᠨᠠᠮ ᠤᠨ ᠭᠡᠰᠢᠭᠦᠨ ᠤ ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠵᠡᠷᠭᠡ ᠲᠠᠯ᠎ᠠ ᠪᠦᠬᠦᠨ ᠳᠤ᠂ ᠬᠡᠪ ᠵᠠᠭᠪᠤᠷ ᠨᠢ ᠨᠠᠮ ᠤᠨ ᠪᠠᠶᠢᠭᠤᠯᠤᠯᠲᠠ ᠶᠢᠨ ᠠᠵᠢᠯ ᠤᠨ ᠡᠯ᠎ᠡ | ᠵᠠᠩᠭᠢᠯᠠᠭ᠎ᠠ ᠶᠢᠨ ᠭᠤᠭᠴᠤᠭ᠎ᠠ ᠶᠢ ᠬᠠᠮᠤᠷᠴᠤ᠂ ︽ᠭᠤᠷᠪᠠᠨ ᠰᠢᠨ᠎ᠡ︾ ᠨᠠᠮ ᠤᠨ ᠵᠣᠬᠢᠶᠠᠨ ᠪᠠᠶᠢᠭᠤᠯᠤᠯᠲᠠ ᠳᠤ | ᠲᠣᠳᠣᠷᠬᠠᠢ ᠠᠵᠢᠯ ᠤᠨ ᠵᠢᠯᠣᠭᠤᠳᠤᠯᠭ᠎ᠠ ᠬᠠᠩᠭᠠᠵᠤ᠂ ᠨᠠᠮ ᠤᠨ ᠠᠵᠢᠯ ᠤᠨ ᠠᠵᠢᠯᠲᠠᠳ ᠢ ᠬᠠᠪᠰᠤᠷᠤᠨ ︽ᠬᠡᠪ | ᠵᠠᠭᠪᠤᠷ ᠭᠠᠷ ᠲᠠᠭᠠᠨ ᠪᠠᠶᠢᠵᠤ᠂ ᠠᠵᠢᠯ ᠳᠠᠭᠠᠨ ᠵᠣᠪᠠᠭ᠋ᠤ ᠦᠭᠡᠢ ᠪᠠᠶᠢᠬᠤ︾ ᠱᠠᠭᠠᠷᠳᠠᠯᠭ᠎ᠠ ᠶᠢ ᠪᠡᠶᠡᠯᠡᠭᠦᠯᠵᠡᠢ᠃ | ᠳᠠᠷᠤᠭᠠᠰᠤ ᠶᠢ ᠬᠥᠩᠭᠡᠯᠡᠨ ᠦᠷ᠎ᠡ ᠠᠰᠢᠭ ᠢ ᠨᠡᠮᠡᠭᠳᠡᠭᠦᠯᠵᠦ᠂ ᠥᠨᠳᠥᠷ ᠪᠦᠲᠦᠮᠵᠢᠲᠡᠶ ︽ᠬᠥᠳᠡᠯᠭᠡᠭᠦᠷ︾ ᠢ | ᠨᠡᠭᠡᠭᠡᠨ᠎ᠡ | ︽ᠵᠠᠬᠢᠶᠠᠯᠭ᠎ᠠ ᠬᠡᠯᠪᠡᠷᠢ︾ ᠶᠢᠨ ᠦᠢᠯᠡᠴᠢᠯᠡᠭᠡ ᠶᠢ ᠬᠡᠷᠡᠭᠵᠢᠭᠦᠯᠦᠭᠰᠡᠨ ᠠᠴᠠ ᠨᠠᠮ ᠤᠨ ᠪᠠᠶᠢᠭᠤᠯᠤᠯᠲᠠ ᠶᠢᠨ | ᠠᠵᠢᠯ ᠢ ᠥᠩᠭᠡᠷᠡᠭᠰᠡᠨ ᠤ ᠶᠠᠷᠰᠢᠭ ᠲᠦᠪᠡᠭᠲᠡᠢ ᠪᠡᠯᠡᠳᠬᠡᠯ ᠠᠵᠢᠯ ᠤᠨ ᠶᠠᠪᠤᠴᠠ ᠠᠴᠠ ᠰᠠᠯᠭᠠᠵᠤ᠂ ᠵᠥᠪᠬᠡᠨ ︽ | ᠵᠠᠬᠢᠶᠠᠯᠭ᠎ᠠ︾ ᠶᠢᠨ ᠳᠣᠲᠣᠷ᠎ᠠ ᠠᠴᠠ ᠲᠣᠬᠢᠷᠠᠮᠵᠢᠲᠠᠢ ᠬᠡᠪ ᠵᠠᠭᠪᠤᠷ ᠢ ᠰᠣᠩᠭᠤᠪᠠᠯ ᠳᠠᠷᠤᠢ ᠠᠵᠢᠯ ᠢᠶᠠᠨ ᠦᠳᠲᠡᠷ | ᠲᠦᠷᠭᠡᠨ ᠥᠷᠨᠢᠭᠦᠯᠵᠦ᠂ ︽ᠭᠤᠷᠪᠠᠨ ᠰᠢᠨ᠎ᠡ︾ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠴᠢᠳᠠᠨ᠎ᠠ᠃ ᠨᠠᠮ ᠤᠨ ᠠᠵᠢᠯ ᠤᠨ ᠲᠤᠭ᠎ᠠ ᠪᠦᠷᠢᠳᠬᠡᠯ ᠤᠨ ᠬᠡᠪ | ᠵᠠᠭᠪᠤᠷ ᠢᠶᠠᠷ ᠵᠢᠱᠢᠶᠡᠯᠡᠪᠡᠯ᠂ ᠲᠤᠭ᠎ᠠ ᠪᠦᠷᠢᠳᠬᠡᠯ ᠤᠨ ᠬᠡᠷᠡᠭᠴᠡᠭᠡ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ︽ | ᠨᠢᠭᠡ ᠬᠦᠰᠦᠨᠦᠭᠲᠦ ᠶᠢ ᠤᠯᠠᠨ ᠲᠠᠯ᠎ᠠ ᠪᠠᠷ ᠬᠡᠷᠡᠭᠯᠡᠬᠦ︾᠂ ︽ᠵᠥᠪᠬᠡᠨ ᠨᠢᠭᠡ ᠯᠡ ᠤᠳᠠᠭ᠎ᠠ ᠶᠢ ᠨᠢᠭᠡᠳᠬᠡᠬᠦ︾ ᠶᠢ | ᠪᠡᠶᠡᠯᠡᠭᠦᠯᠵᠦ᠂ ᠳᠠᠪᠲᠠᠯᠲᠠ ᠶᠢᠨ ᠴᠢᠨᠠᠷᠲᠠᠢ ᠠᠵᠢᠯ ᠢ ᠲᠤᠶᠢᠯ ᠤᠨ ᠶᠡᠭᠡ ᠪᠠᠷ ᠪᠠᠭᠠᠰᠬᠠᠵᠤ᠂ ᠳᠠᠷᠤᠭᠠᠰᠤ ᠶᠢ 50% | ᠠᠴᠠ ᠳᠡᠭᠡᠭᠰᠢ ᠶᠡᠷᠦᠩᠬᠡᠶᠢᠯᠡᠨ ᠬᠦᠩᠭᠡᠷᠡᠭᠦᠯᠦᠨ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠪᠠᠶᠢᠭᠤᠯᠤᠯᠲᠠ ᠶᠢᠨ | ᠲᠠᠯ᠎ᠠ ᠪᠠᠷ ᠰᠢᠨ᠎ᠡ ᠶᠢ ᠡᠭᠦᠳᠬᠦ ᠪᠠ ᠠᠵᠢᠯ ᠢ ᠭᠦᠨᠵᠡᠭᠡᠶᠢᠷᠡᠭᠦᠯᠬᠦ ᠠᠵᠢᠯ ᠳᠤ ᠨᠡᠩ ᠢᠯᠡᠭᠦᠦ ᠤᠶᠤᠨ ᠴᠢᠳᠠᠯ ᠢᠶᠠᠨ | ᠵᠠᠷᠤᠴᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ | ᠪᠦᠲᠦᠮᠵᠢᠲᠡᠶ ᠪᠠᠷ ᠳᠡᠭᠡᠭᠰᠢᠯᠡᠭᠦᠯᠪᠡ᠃ | ᠠᠮᠢᠳᠤᠯᠢᠭ ᠢᠶᠠᠷ ᠬᠡᠷᠡᠭᠯᠡᠵᠦ᠂ ᠨᠠᠮ ᠤᠨ ᠪᠠᠶᠢᠭᠤᠯᠤᠯᠲᠠ ᠶᠢᠨ ︽ᠰᠢᠨ᠎ᠡ ᠠᠮᠢᠵᠢᠷᠠᠯ ᠤᠨ ᠬᠦᠴᠦᠨ︾ ᠢ | ᠬᠥᠭᠵᠢᠭᠡᠨ᠎ᠡ | ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠠᠵᠢᠯ ᠤᠨ ᠬᠡᠪ ᠵᠠᠭᠪᠤᠷ ᠢ ᠬᠡᠷᠡᠭᠯᠡᠪᠡᠯ᠂ ᠵᠢᠷᠤᠮ ᠨᠢ | ᠲᠠᠭᠠᠷᠠᠬᠤ ᠦᠭᠡᠢ᠂ ᠲᠣᠭᠠᠴᠢᠯᠲᠠ ᠨᠢ ᠵᠢᠷᠤᠮᠵᠢᠯ ᠦᠭᠡᠢ᠂ ᠪᠦᠷᠢᠳᠬᠡᠯ ᠨᠢ ᠪᠦᠷᠢᠨ ᠪᠤᠰᠤ ᠵᠡᠷᠭᠡ ᠠᠰᠠᠭᠤᠳᠠᠯ | ᠭᠠᠷᠬᠤ ᠠᠴᠠ ᠪᠦᠲᠦᠮᠵᠢᠲᠡᠢ ᠪᠠᠷ ᠵᠠᠶᠢᠯᠠᠰᠬᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠷᠦᠮᠵᠢᠯᠲᠡ᠂ | ᠪᠠᠷᠢᠮᠵᠢᠶᠠᠵᠢᠭᠤᠯᠤᠯᠲᠠ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ ᠪᠣᠯᠣᠨ᠎ᠠ᠃ ᠡᠭᠦᠨ ᠤ ᠵᠡᠷᠭᠡᠴᠡᠭᠡᠪᠡᠷ | ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠡᠪ ᠵᠠᠭᠪᠤᠷ ᠤᠨ | ᠠᠭᠤᠯᠭ᠎ᠠ ᠶᠢ ᠠᠮᠢᠳᠤᠯᠢᠭ ᠢᠶᠠᠷ ᠲᠣᠬᠢᠷᠠᠭᠤᠯᠤᠨ ᠲᠡᠭᠦᠯᠳᠡᠷᠵᠢᠭᠦᠯᠵᠦ᠂ ᠬᠡᠪ ᠵᠠᠭᠪᠤᠷ ᠤᠨ ᠬᠡᠷᠡᠭᠯᠡᠭᠡᠨ ᠤ ᠴᠢᠨᠠᠷ ᠢ | ᠦᠨᠡᠨ ᠬᠦ ᠪᠠᠲᠤᠯᠠᠭᠰᠠᠨ ᠮᠥᠷᠲᠡᠭᠡᠨ ᠪᠠᠰᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠪᠡᠶ᠎ᠡ ᠪᠠᠨ ᠳᠠᠭᠠᠭᠠᠬᠤ | ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠲᠤᠰ | ᠨᠢᠭᠡᠴᠢ ᠶᠢᠨ ᠢᠶᠠᠨ ᠪᠣᠳᠠᠲᠤ ᠪᠠᠶᠢᠳᠠᠯ ᠲᠠᠢ ᠨᠡᠩ ᠰᠠᠶᠢᠨ ᠨᠡᠶᠢᠴᠡᠭᠦᠯᠵᠦ᠂ ᠥᠪᠡᠷᠮᠢᠴᠡ ᠣᠨᠴᠠᠯᠢᠭ ᠪᠦᠬᠦᠢ ᠨᠠᠮ ᠤᠨ | ᠪᠠᠶᠢᠭᠤᠯᠤᠯᠲᠠ ᠶᠢᠨ ᠠᠵᠢᠯ ᠤᠨ ᠬᠡᠪ ᠵᠠᠭᠪᠤᠷ ᠢ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ | ᠬᠤᠶᠠᠷ ᠴᠢᠭᠯᠡᠯ ᠢᠶᠠᠷ ᠬᠥᠳᠡᠯᠦᠯᠴᠡᠵᠦ᠂ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ᠎ᠡ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠯᠤᠭ᠎ᠠ ᠶᠢᠨ ᠦᠢᠯᠡᠳᠦᠯᠴᠡᠨ ᠰᠣᠯᠢᠯᠴᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠡᠪ ᠵᠠᠭᠪᠤᠷ ᠢ ᠬᠡᠷᠡᠭᠯᠡᠬᠦ ᠶᠠᠪᠤᠴᠠ ᠳᠤ ᠠᠰᠠᠭᠤᠳᠠᠯ ᠪᠠ ᠰᠠᠨᠠᠭᠤᠯᠭ᠎ᠠ ᠪᠠᠨ | ᠬᠠᠷᠢᠭᠤ ᠲᠤᠰᠬᠠᠬᠤ ᠶᠢ ᠰᠠᠶᠢᠨ ᠰᠠᠶᠢᠬᠠᠨ ᠨᠡᠪᠲᠡᠷᠡᠯᠴᠡᠨ ᠬᠥᠳᠡᠯᠦᠯᠴᠡᠬᠦ ᠪᠠᠷ ᠳᠠᠮᠵᠢᠭᠤᠯᠤᠨ᠂ ᠬᠡᠪ ᠵᠠᠭᠪᠤᠷ ᠢ | ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠠᠮᠲᠤ ᠪᠠᠷ ᠲᠦᠯᠬᠢᠨ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠬᠡᠷᠡᠭᠴᠡᠭᠡ ᠳᠤ ᠨᠡᠩ ᠣᠨᠣᠪᠴᠢᠲᠠᠢ ᠨᠡᠶᠢᠴᠡᠭᠦᠯᠦᠨ ᠦᠷᠭᠦᠯᠵᠢᠯᠡᠨ ᠰᠢᠯᠢᠳᠡᠭᠵᠢᠭᠦᠯᠬᠦ ᠶᠢ ᠪᠡᠶᠡᠯᠡᠭᠦᠯᠵᠦ᠂ | ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠨᠡᠩ | ᠪᠠᠲᠤ ᠪᠠᠬᠢ ᠪᠠᠲᠤᠯᠠᠭ᠎ᠠ ᠬᠠᠩᠭᠠᠪᠠ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠵᠠᠬᠢᠶᠠᠯᠭ᠎ᠠ ᠬᠡᠯᠪᠡᠷᠢ︾ ᠶᠢᠨ | ᠦᠢᠯᠡᠴᠢᠯᠡᠭᠡ ᠨᠢ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠷᠤᠭᠠᠰᠤ ᠶᠢ ᠬᠥᠩᠭᠡᠯᠡᠨ ᠦᠷ᠎ᠡ ᠠᠰᠢᠭ ᠢ | ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠰᠢᠨ᠎ᠡ ᠶᠢ ᠡᠭᠦᠳᠬᠦ ᠴᠢᠨᠠᠷᠲᠠᠢ ᠰᠢᠢᠳᠪᠦᠷᠢᠯᠡᠬᠦ ᠲᠥᠰᠥᠯ ᠢ | ᠬᠠᠩᠭᠠᠵᠤ᠂ ︽ᠭᠤᠷᠪᠠᠨ ᠰᠢᠨ᠎ᠡ︾ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠵᠤ᠂ ︽ᠭᠤᠷᠪᠠᠨ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ | ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠠᠢ᠃ | |