ᠠᠵᠢᠯ ᠡᠬᠢᠯᠡᠭᠰᠡᠨ ᠦᠶ᠎ᠡ᠄ ᠸᠧ ᠯᠦᠩ ᠡᠨᠧᠷᠭᠢ ᠬᠠᠳᠠᠭᠠᠯᠠᠬᠤ ᠪᠤᠭᠤᠲᠤ ᠶᠢᠨ ᠺᠣᠮᠫᠠᠨᠢ ᠶᠢᠨ ᠵᠢᠯ ᠳᠤ 1.5GWh ᠡᠨᠧᠷᠭᠢ ᠬᠠᠳᠠᠭᠠᠯᠠᠬᠤ ᠲᠥᠷᠥᠯ ᠵᠦᠢᠯ ᠣᠶᠢᠷ᠎ᠠ ᠳᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2025/2/27
    ᠴᠣᠬᠤᠯᠠᠪᠤᠷᠢ᠄ 2 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠢᠭᠠᠪᠣᠷᠢ ᠶᠣᠰᠣᠭᠠᠷ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ︽ᠡᠬᠢᠯᠡᠬᠦ ᠲᠠᠢ ᠵᠡᠷᠭᠡ ᠬᠤᠷᠳᠤᠴᠠ ᠪᠠᠨ ᠲᠦᠷᠭᠡᠳᠬᠡᠵᠦ᠂ ᠡᠬᠢᠯᠡᠬᠦ ᠲᠠᠢ ᠵᠡᠷᠭᠡ ᠰᠢᠢᠳᠪᠦᠷᠢᠲᠦ ᠪᠠᠶᠢᠯᠳᠤᠭᠠᠨ ᠬᠢᠬᠦ︾ ᠲᠡᠮᠡᠴᠡᠯ ᠤᠨ ᠵᠣᠷᠢᠭ ᠢᠶᠠᠷ᠂ ᠨᠢᠭᠡ ᠨᠢᠭᠡ ᠲᠥᠷᠥᠯ ᠵᠦᠢᠯ ᠢᠶᠠᠷ ︽ᠬᠠᠪᠤᠷ︾ ᠤᠨ ᠬᠤᠷᠳᠤᠴᠠ ᠶᠢ ᠲᠦᠷᠭᠡᠳᠬᠡᠵᠦ᠂ ︽ᠮᠣᠭᠠᠢ ᠵᠢᠯ︾  ᠢ ᠠᠮᠵᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ 3 ᠳ᠋ᠤᠭᠠᠷ ᠰᠠᠷ᠎ᠠ ᠳᠤ ᠪᠦᠬᠦᠨ ᠢ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃     ᠸᠧ ᠯᠦᠩ ᠡᠨᠧᠷᠭᠢ ᠬᠠᠳᠠᠭᠠᠯᠠᠬᠤ ᠪᠤᠭᠤᠲᠤ ᠶᠢᠨ ᠺᠣᠮᠫᠠᠨᠢ  ᠵᠢᠯ ᠳᠤ 1.5 GWh ᠡᠨᠧᠷᠭᠢ ᠬᠠᠳᠠᠭᠠᠯᠠᠬᠤ ᠲᠥᠷᠥᠯ ᠵᠦᠢᠯ ᠦᠢᠯᠡᠳᠪᠦᠷᠢᠯᠡᠨ᠎ᠡ᠃
    ᠸᠧ ᠯᠦᠩ ᠪᠦᠯᠦᠭᠯᠡᠯ ᠤᠨ ᠶᠡᠷᠦᠩᠬᠡᠢ ᠬᠡᠯᠲᠡᠰ     ᠶᠡᠷᠦᠩᠬᠡᠢ ᠪᠡᠯᠡ ᠣᠷᠣᠭᠤᠯᠤᠯᠲᠠ᠄ 1.2 ᠳ᠋ᠦᠩᠰᠢᠭᠤᠷ ᠲᠥᠭᠦᠷᠢᠭ᠃     ᠪᠦᠲᠦᠭᠡᠨ ᠪᠠᠶᠢᠭᠤᠯᠬᠤ ᠠᠭᠤᠯᠭ᠎ᠠ᠄ ᠬᠠᠭᠠᠰ ᠠᠦ᠋ᠲ᠋ᠣ᠋ ᠵᠠᠭᠪᠤᠷ ᠤᠨ ᠳᠤᠭᠤᠶᠢᠯᠠᠩ ᠤᠨ PACK ᠦᠢᠯᠡᠳᠪᠦᠷᠢᠯᠡᠬᠦ ᠱᠤᠭᠤᠮ᠂ ᠬᠤᠷᠠᠮᠠᠯ ᠶᠡᠷᠦᠩᠬᠡᠢ ᠤᠭᠰᠠᠷᠠᠬᠤ ᠦᠢᠯᠡᠳᠪᠦᠷᠢᠯᠡᠬᠦ ᠱᠤᠭᠤᠮ᠂ ᠥᠨᠳᠥᠷ ᠳᠠᠷᠤᠯᠲᠠᠲᠤ ᠲᠤᠷᠰᠢᠨ ᠲᠣᠬᠢᠷᠠᠭᠤᠯᠬᠤ ᠰᠢᠰᠲ᠋ᠧᠮ ᠵᠡᠷᠭᠡ ᠶᠢ ᠪᠦᠲᠦᠭᠡᠨ ᠪᠠᠶᠢᠭᠤᠯᠤᠨ᠎ᠠ᠃     ᠲᠡᠷᠢᠭᠦᠨ ᠤ ᠴᠢᠨᠠᠷ᠄ ᠸᠧ ᠯᠦᠩ ᠡᠨᠧᠷᠭᠢ ᠬᠠᠳᠠᠭᠠᠯᠠᠬᠤ ᠲᠥᠷᠥᠯ ᠵᠦᠢᠯ ᠨᠢ ᠡᠨᠧᠷᠭᠢ ᠬᠠᠳᠠᠭᠠᠯᠠᠬᠤ ᠰᠢᠰᠲ᠋ᠧᠮ ᠤᠨ ᠪᠥᠬᠦ ᠣᠷᠣᠴᠠ ᠶᠢᠨ ᠰᠤᠳᠤᠯᠤᠨ ᠨᠡᠭᠡᠭᠡᠬᠦ ᠴᠢᠳᠠᠪᠤᠷᠢ ᠲᠠᠢ᠂ ᠡᠭᠦᠨ ᠳᠤ PACK᠂ PCS ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠬᠦᠷᠢᠶ᠎ᠡ ᠪᠠᠭᠲᠠᠨ᠎ᠠ᠃     ᠲᠣᠰ ᠲᠥᠷᠥᠯ ᠵᠦᠢᠯ ᠨᠢ 2 ᠰᠠᠷ᠎ᠠ ᠶᠢᠨ 8 ᠤ ᠡᠳᠦᠷ ᠠᠴᠠ ᠡᠬᠢᠯᠡᠨ ᠠᠵᠢᠯ ᠡᠬᠢᠯᠡᠪᠡ᠃
    ᠸᠧ ᠯᠦᠩ ᠡᠨᠧᠷᠭᠢ ᠬᠠᠳᠠᠭᠠᠯᠠᠬᠤ ᠪᠤᠭᠤᠲᠤ ᠶᠢᠨ ᠲᠥᠷᠥᠯ ᠵᠦᠢᠯ ᠤᠨ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠬᠤ ᠲᠤᠬᠠᠢ ᠶᠢᠨ ᠲᠠᠯᠠᠪᠠᠶ     ᠸᠧ ᠯᠦᠩ ᠡᠨᠧᠷᠭᠢ ᠬᠠᠳᠠᠭᠠᠯᠠᠬᠤ ᠪᠤᠭᠤᠲᠤ ᠶᠢᠨ ᠲᠥᠷᠥᠯ ᠵᠦᠢᠯ ᠪᠣᠯ ᠸᠧ ᠯᠦᠩ ᠪᠦᠯᠦᠭᠯᠡᠯ ᠤᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠥᠷᠥᠯ ᠵᠦᠢᠯ ᠤᠨ ᠳᠠᠷᠠᠭ᠎ᠠ᠂ ᠳᠠᠭᠠᠭᠠᠴᠢᠯᠠᠯᠲᠠ ᠳᠤ ᠬᠡᠷᠡᠭᠵᠢᠭᠦᠯᠦᠭᠰᠡᠨ ᠪᠠᠰᠠ ᠨᠢᠭᠡᠨ ᠴᠢᠬᠤᠯᠠ ᠶᠡᠭᠡ ᠲᠥᠷᠥᠯ ᠵᠦᠢᠯ ᠪᠣᠯᠣᠨ᠎ᠠ᠃ ᠸᠧ ᠯᠦᠩ ᠤᠨ ᠡᠨᠧᠷᠭᠢ ᠬᠠᠳᠠᠭᠠᠯᠠᠬᠤ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠵᠧᠵᠢᠶᠠᠩ ᠤᠨ ᠸᠧ ᠯᠦᠩ ᠤᠨ ᠡᠨᠧᠷᠭᠢ ᠬᠠᠳᠠᠭᠠᠯᠠᠬᠤ ᠰᠢᠰᠲ᠋ᠧᠮ ᠤᠨ ᠬᠢᠵᠠᠭᠠᠷᠲᠤ ᠺᠣᠮᠫᠠᠨᠢ ᠶᠢᠨ ᠪᠦᠷᠢᠨ ᠪᠡᠯᠡᠳᠦ ᠺᠣᠮᠫᠠᠨᠢ ᠪᠣᠯᠣᠨ᠎ᠠ᠃ ᠸᠧ ᠯᠦᠩ ᠪᠦᠯᠦᠭᠯᠡᠯ ᠤᠨ ᠡᠨᠧᠷᠭᠢ ᠬᠠᠳᠠᠭᠠᠯᠠᠬᠤ ᠲᠤᠬᠠᠶᠢᠯᠠᠭᠰᠠᠨ ᠠᠵᠢᠯ ᠳᠤ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠪᠠ ᠳ᠋ᠢᠶᠠᠨ ᡂᠢ ᠶᠢᠨ ᠡᠨᠧᠷᠭᠢ ᠬᠠᠳᠠᠭᠠᠯᠠᠬᠤ᠂ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠦᠢᠯᠡᠳᠬᠦ ᠡᠨᠧᠷᠭᠢ ᠬᠠᠳᠠᠭᠠᠯᠠᠬᠤ ᠵᠡᠷᠭᠡ ᠣᠯᠠᠨ ᠵᠦᠢᠯ ᠤᠨ ᠡᠨᠧᠷᠭᠢ ᠬᠠᠳᠠᠭᠠᠯᠠᠬᠤ ᠰᠢᠰᠲ᠋ᠧᠮ ᠢ ᠨᠡᠭᠡᠭᠡᠨ ᠬᠥᠭᠵᠢᠭᠦᠯᠬᠦ᠂ ᠪᠦᠲᠦᠭᠡᠨ ᠪᠠᠶᠢᠭᠤᠯᠬᠤ᠂ ᠡᠵᠡᠩᠨᠡᠬᠦ ᠰᠢᠢᠳᠪᠦᠷᠢᠯᠡᠬᠦ ᠲᠥᠰᠥᠯ ᠪᠠᠭᠲᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号