ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/7
   2 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ︾ ᠬᠤᠷᠠᠯᠳᠤᠭᠤᠯᠪᠠ᠃ ᠤᠷᠤᠨ ᠤ ᠨᠠᠮ ᠤᠨ ᠠᠵᠢᠯ ᠤᠨ ᠬᠤᠷᠢᠶᠠᠨ ᠤ ᠱᠦᠵᠢ ᠭᠤᠤ ᠶᠦᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠤᠷᠤᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠤᠢ ᠰᠢᠩ ᠬᠤᠷᠠᠯ ᠢ ᠡᠷᠬᠢᠯᠡᠪᠡ᠃    ᠬᠤᠷᠠᠯ ᠠᠴᠠ 1 ᠰᠠᠷ᠎ᠠ ᠶᠢᠨ 25 ᠤ ᠡᠳᠦᠷ ᠬᠤᠷᠠᠯᠳᠤᠭᠤᠯᠤᠭᠰᠠᠨ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ︾ ᠪᠠ 2 ᠰᠠᠷ᠎ᠠ ᠶᠢᠨ 5 ᠤ ᠡᠳᠦᠷ ᠬᠤᠷᠠᠯᠳᠤᠭᠤᠯᠤᠭᠰᠠᠨ ︽ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠶᠢᠨ ᠶᠡᠭᠡ ᠬᠤᠷᠠᠯ︾ ᠤᠨ ᠵᠣᠷᠢᠭ ᠰᠠᠨᠠᠭ᠎ᠠ ᠶᠢ ᠳᠠᠮᠵᠢᠭᠤᠯᠪᠠ᠃ ᠣᠳᠣᠬᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠬᠢᠬᠦ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠪᠠ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠲᠤᠬᠠᠢ ᠪᠠᠶᠢᠷᠢᠯᠠᠭᠤᠯᠤᠯᠲᠠ ᠬᠢᠪᠡ᠃ ᠤᠷᠤᠨ ᠤ ᠬᠠᠷᠢᠶ᠎ᠠ ᠨᠢᠭᠡᠴᠡ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠪᠠ᠃     ᠬᠤᠷᠠᠯ ᠠᠴᠠ᠂ ᠪᠥᠬᠦ ᠣᠷᠣᠨ ᠢᠶᠠᠷ ᠢᠶᠠᠨ ︽ᠠᠮᠠᠷᠠᠯᠲᠠ ᠶᠢᠨ ᠬᠤᠭᠤᠴᠠᠭᠠᠨ ᠤ ᠵᠠᠭᠪᠤᠷ︾ ᠠᠴᠠ ︽ᠠᠵᠢᠯ ᠤᠨ ᠵᠠᠭᠪᠤᠷ︾ ᠪᠣᠯᠭᠠᠨ ᠲᠦᠷᠭᠡᠨ ᠬᠤᠪᠢᠷᠠᠭᠤᠯᠵᠤ᠂ ᠪᠠᠶᠢᠳᠠᠯ ᠢᠶᠠᠨ ᠳᠣᠭᠢᠷᠠᠭᠤᠯᠤᠨ᠂ ᠰᠡᠳᠬᠢᠯ ᠢᠶᠠᠨ ᠬᠤᠷᠢᠶᠠᠵᠤ  ᠂ ︽ᠬᠤᠶᠠᠷ ᠢ ᠡᠯᠰᠡᠵᠦ ᠬᠤᠶᠠᠷ ᠢ ᠲᠠᠲᠠᠬᠤ︾ ᠶᠢ ᠦᠷᠭᠦᠯᠵᠢᠯᠡᠨ ︽ᠬᠤᠶᠠᠷ ᠬᠤᠪᠣᠷ ᠰᠢᠷᠣᠶ ᠶᠢᠨ ᠰᠠᠭᠤᠷᠢᠨ︾ ᠢ ᠪᠥᠲᠥᠭᠡᠨ ᠪᠠᠶᠢᠭᠤᠯᠬᠤ ︽ᠨᠢᠭᠡᠳᠦᠭᠡᠷ ᠭᠠᠷ︾ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠬᠡᠷᠡᠭᠲᠡᠶ᠃ ᠨᠡᠩ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ ᠪᠠᠷ ᠠᠵᠢᠯ ᠳᠠᠭᠠᠨ ᠣᠷᠣᠯᠴᠠᠵᠤ᠂ ᠵᠢᠯ ᠡᠬᠢᠯᠡᠮᠡᠭᠴᠡ ᠪᠠᠨ ᠠᠵᠢᠯ ᠢᠶᠠᠨ ᠡᠬᠢᠯᠡᠭᠦᠯᠵᠦ᠂ ᠠᠩᠬᠠᠨ ᠤ ᠳᠠᠶᠢᠯᠠᠯᠳᠤᠭᠠᠨ ᠳᠠᠷᠤᠶ ᠰᠢᠢᠳᠪᠦᠷᠢᠲᠦ ᠪᠠᠶᠢᠯᠳᠤᠭᠠᠨ ᠬᠢᠵᠦ᠂ ᠳᠦᠭᠦᠷᠡᠩ ᠪᠠᠶᠢᠳᠠᠯ ᠢᠶᠠᠷ ᠵᠢᠯ ᠤᠨ ᠡᠬᠢᠨ ᠠᠴᠠ ᠵᠢᠯ ᠤᠨ ᠡᠴᠦᠰ ᠪᠣᠯᠲᠠᠯ᠎ᠠ  ᠠᠵᠢᠯᠯᠠᠬᠤ ᠬᠡᠷᠡᠭᠲᠡᠢ  ᠃     ᠬᠤᠷᠠᠯ ᠠᠴᠠ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠬᠠᠨᠳᠤᠰᠢ ᠶᠢᠨ ᠴᠢᠭᠯᠡᠯ ᠪᠣᠯᠤᠨ᠎ᠠ᠃ ︽ᠬᠤᠶᠠᠷ ᠰᠢᠨ᠎ᠡ ᠭᠤᠷᠪᠠ  ᠶᠢ ᠲᠡᠮᠡᠴᠡᠬᠦ︾ ᠪᠠᠷ ᠤᠳᠤᠷᠢᠳᠤᠮᠵᠢ ᠪᠣᠯᠭᠠᠵᠤ᠂ ︽ᠭᠤᠷᠪᠠ  ᠪᠠᠶᠢᠬᠤ ᠬᠤᠶᠠᠷ ᠶᠢ ᠡᠷᠢᠬᠦ︾ ᠪᠠᠷ ᠠᠵᠢᠯ ᠤᠨ ᠭᠤᠣᠯᠳᠠᠯᠭ᠎ᠠ ᠪᠣᠯᠭᠠᠵᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠲᠦᠷᠭᠡᠳᠬᠡᠵᠦ᠂ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠦᠴᠦ ᠲᠠᠯᠪᠢᠵᠤ᠂ ᠬᠤᠲᠠ ᠶᠢᠨ ᠰᠢᠨᠡᠴᠢᠯᠡᠯᠲᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠳᠡᠯᠡᠬᠡᠢ ᠳ᠋ᠠᠬᠢᠨ ᠤ ᠬᠠᠲᠤᠨ ᠭᠤᠣᠯ ᠤᠨ ᠨᠢᠭᠡᠳᠦᠭᠡᠷ ᠲᠣᠰᠬᠤᠨ︾ ᠢ ᠴᠡᠴᠡᠭᠯᠡᠭᠦᠯᠦᠨ ᠬᠥᠭᠵᠢᠭᠦᠯᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠪᠠᠷ ᠪᠦᠬᠦ ᠵᠢᠯ ᠤᠨ ᠲᠣᠭᠲᠠᠭᠤᠨ᠂ ᠪᠦᠬᠦ ᠵᠢᠯ ᠤᠨ ᠳᠠᠪᠰᠢᠯᠲᠠ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃     ᠬᠤᠷᠠᠯ ᠠᠴᠠ᠂ ᠪᠦᠬᠦ  ᠤᠷᠤᠨ ᠢᠶᠠᠷ ᠢᠶᠠᠨ ᠬᠠᠪᠤᠷ ᠤᠨ ᠭᠡᠷᠡᠯ ᠭᠢᠯᠪᠠᠭ᠎ᠠ ᠪᠠᠨ ᠬᠥᠰᠡᠷᠳᠡᠭᠦᠯᠦᠯ ᠦᠭᠡᠢ ᠪᠠᠷ ᠭᠤᠣᠯᠳᠠᠯᠭ᠎ᠠ ᠪᠠᠨ ᠰᠠᠶᠢᠲᠤᠷ ᠡᠬᠢᠯᠡᠭᠦᠯᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ ᠰᠠᠶᠢᠨ ᠡᠬᠢᠯᠡᠯᠲᠡ ᠲᠠᠢ ᠪᠣᠯᠭᠠᠵᠤ᠂ ᠪᠠᠶᠢᠳᠠᠯ ᠢᠶᠠᠨ ᠦᠳᠲᠡᠷ ᠲᠦᠷᠭᠡᠨ ᠲᠤᠬᠢᠷᠠᠭᠤᠯᠤᠨ ᠰᠢᠯᠢᠳᠡᠭᠵᠢᠭᠦᠯᠵᠦ᠂ ᠠᠵᠢᠯ ᠤᠨ ᠲᠥᠯᠥᠪᠵᠢᠭᠦᠯᠭᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠠᠳᠬᠤᠵᠤ᠂ ᠤᠳᠤᠷᠢᠳᠤᠯᠭ᠎ᠠ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠶᠡᠬᠡᠪᠡᠷ ᠬᠢᠵᠦ ᠲᠦᠷᠭᠡᠨ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ᠂ ᠴᠢᠩᠭ᠎ᠠ ᠱᠠᠯᠠᠪᠳᠠᠭᠤᠯᠤᠨ ᠪᠣᠳᠠᠲᠠᠢ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃     ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠴᠠᠭᠠᠨ ᠰᠤᠳᠤᠯᠤᠭᠴᠢ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂  ᠤᠷᠤᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ ᠪᠠᠯᠭᠠᠰᠤ᠂ ᠵᠡᠭᠡᠯᠢ ᠭᠤᠳᠤᠮᠵᠢ ᠶᠢᠨ ᠳᠡᠳ᠋ ᠰᠠᠯᠠᠭᠠᠨ ᠲᠠᠰ ᠠᠴᠠ ᠳᠡᠭᠡᠭᠰᠢᠬᠢ ᠺᠠᠳ᠋ᠷ᠂ ᠰᠢᠭᠤᠳ ᠬᠠᠷᠢᠶ᠎ᠠ ᠠᠵᠤ ᠠᠬᠤᠶᠢᠯᠠᠯ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ︔ ᠡᠯ᠎ᠡ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠶ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号