ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ  ᠪᠥᠬᠦ ᠬᠤᠲᠠ ᠶᠢᠨ ᠡᠮᠴᠢᠯᠡᠭᠡᠨ ᠤ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠠᠭᠤᠰᠤᠯᠴᠠᠬᠤ ᠶᠢ ᠲᠤᠰᠬᠠᠶ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2025/3/12
    ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠭᠤᠤ ᠶᠦᠩ ᠬᠤᠷᠠᠯ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠡᠮᠴᠢᠯᠡᠭᠡᠨ ᠤ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠠᠭᠤᠰᠤᠯᠴᠠᠬᠤ ᠶᠢ ᠲᠤᠰᠬᠠᠶ ᠰᠡᠳᠦᠪ ᠢᠶᠠᠷ ᠰᠤᠳᠤᠯᠪᠠ     ᠬᠤᠷᠠᠯ ᠠᠴᠠ᠂ ᠬᠠᠷᠢᠶ᠎ᠠ‌ᠤᠷᠤᠨ ᠤ ᠬᠤᠳᠠ ᠶᠢᠨ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠷᠢᠶ᠎ᠠ ᠭᠠᠵᠠᠷ ᠤᠨ ᠪᠠᠲᠤᠯᠠᠪᠤᠷᠢ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠮᠨᠡᠯᠭᠡ ᠶᠢᠨ ᠬᠤᠷᠢᠶᠠᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠣᠶᠢᠯᠠᠭᠠᠯᠲᠠ ᠶᠢ ᠰᠠᠶᠢᠵᠢᠷᠠᠭᠤᠯᠵᠤ᠂ ᠭᠠᠳᠠᠷ ᠲᠠᠯ᠎ᠠ ᠶᠢᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠬᠠᠷᠢᠶᠠᠲᠤ ᠣᠷᠣᠨ ᠤ ᠬᠤᠯᠪᠣᠭᠳᠠᠯ ᠪᠥᠬᠦᠶ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠶ ᠬᠠᠮᠵᠢᠯᠴᠠᠨ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ ᠭᠡᠪᠡ᠃     ᠬᠤᠷᠠᠯ ᠠᠴᠠ ᠱᠠᠭᠠᠷᠳᠠᠭᠰᠠᠨ ᠨᠢ᠂ ᠪᠠᠯᠭᠠᠰᠤ᠂ ᠨᠡᠶᠢᠭᠡᠮ ᠲᠣᠭᠤᠷᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠪᠠᠶᠢᠩᠭᠤ ᠲᠣᠬᠢᠶᠠᠯᠳᠤᠳᠠᠭ ᠡᠪᠡᠳᠴᠢᠨ  ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠵᠠᠰᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠬᠠᠮᠢᠶᠠᠷᠤᠯᠲᠠ᠂ ᠡᠷᠡᠭᠦᠯᠵᠢᠯ ᠰᠤᠪᠢᠯᠠᠯᠲᠠ ᠪᠠ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠶ᠃     ᠬᠤᠷᠠᠯ ᠠᠴᠠ ᠱᠠᠭᠠᠷᠳᠠᠭᠰᠠᠨ ᠨᠢ᠂ ᠮᠠᠨ ᠤ  ᠤᠷᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠨᠡᠶᠢᠭᠡᠮ ᠠᠴᠠ ᠡᠮᠨᠡᠯᠭᠡ ᠡᠷᠬᠢᠯᠡᠬᠦ ᠶᠢ ᠦᠷᠭᠦᠯᠵᠢᠯᠡᠨ ᠳᠡᠮᠵᠢᠨ ᠵᠣᠷᠢᠭᠵᠢᠭᠤᠯᠵᠤ᠂ ᠣᠯᠠᠨ ᠲᠠᠰ ᠳᠠᠪᠬᠤᠷᠭ᠎ᠠ ᠣᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠶᠠᠰᠤ ᠴᠢᠨᠠᠷ ᠪᠣᠯᠤᠨ ᠠᠶᠤᠯ ᠦᠭᠡᠶ ᠶᠢ ᠪᠠᠲᠤᠯᠠᠨ᠎ᠠ᠃
 
ᠢᠷᠡᠯᠲᠡ᠄ ᠰᠤᠳᠤᠯᠪᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号