ᠡᠪᠦᠯ ᠯᠤᠤᠪᠠᠩ ᠢᠳᠡᠬᠦ ᠨᠢ ᠣᠷᠬᠤᠳᠠᠢ ᠢᠳᠡᠭᠰᠡᠨ ᠲᠠᠢ ᠠᠳᠠᠯᠢ
ᠨᠡᠶᠢᠲᠡᠯᠡᠭᠰᠡᠨ ᠴᠠᠭ᠄
2025/3/12
     ᠴᠠᠭᠠᠨ ᠯᠤᠤᠪᠠᠩ ᠢᠳᠡᠪᠡᠯ ᠶᠠᠮᠠᠷ ᠰᠠᠶᠢᠨ ᠲᠠᠯ᠎ᠠ ᠲᠠᠢ ᠪᠤᠢ︖      ᠮᠠᠷᠢᠶ᠎ᠠ ᠰᠢᠭᠤᠷᠠᠭᠤᠯᠬᠤ᠃ ᠴᠠᠭᠠᠨ ᠯᠤᠤᠪᠠᠩ ᠤᠨ ᠠᠭᠤᠯᠬᠤ ᠢᠯᠴᠢ ᠶᠢᠨ ᠬᠡᠮᠵᠢᠶ᠎ᠡ ᠨᠢ ᠨᠡᠯᠢᠶᠡᠳ ᠪᠠᠭ᠎ᠠ᠂ ᠰᠢᠷᠬᠡᠭᠯᠢᠭ ᠡᠳ᠋ ᠨᠡᠯᠢᠶᠡᠳ ᠠᠷᠪᠢᠨ᠂ ᠢᠳᠡᠭᠰᠡᠨ ᠤ ᠳᠠᠷᠠᠭ᠎ᠠ ᠠᠮᠠᠷᠬᠠᠨ ᠴᠢᠨᠦᠷᠡᠬᠦ ᠲᠥᠷᠥᠭᠳᠡᠯ ᠭᠠᠷᠴᠤ᠂ ᠮᠠᠷᠢᠶ᠎ᠠ ᠪᠠᠨ ᠰᠢᠭᠤᠷᠠᠭᠤᠯᠬᠤ ᠳᠤ ᠲᠤᠰᠠᠲᠠᠢ ᠪᠠᠶᠢᠳᠠᠭ᠃ ᠠᠭᠤᠯᠵᠤ ᠪᠠᠶᠢᠭ᠎ᠠ ᠭᠠᠶᠢᠮᠤ ᠶᠢᠨ ᠲᠣᠰᠣ ᠪᠠ ᠢᠳᠡᠭᠡᠨ ᠤ ᠰᠢᠷᠬᠡᠭᠯᠢᠭ ᠨᠢ ᠴᠥᠮ ᠬᠤᠳᠣᠭᠤᠳᠤ ᠭᠡᠳᠡᠰᠦᠨ ᠤ ᠭᠦᠷᠪᠡᠯᠵᠡᠬᠦ ᠬᠥᠳᠡᠯᠭᠡᠭᠡᠨ ᠢ ᠠᠬᠢᠭᠤᠯᠵᠤ᠂ ᠪᠡᠶ᠎ᠡ ᠶᠢᠨ ᠳᠣᠲᠣᠭᠠᠳᠤ ᠶᠢᠨ ᠰᠣᠯᠢᠯᠴᠠᠭ᠎ᠠ ᠶᠢ ᠠᠬᠢᠭᠤᠯᠵᠤ᠂ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠳᠤ ᠲᠤᠰᠠᠲᠠᠢ᠃      ᠠᠷᠠᠰᠤ ᠶᠢ ᠬᠠᠮᠠᠭᠠᠯᠠᠬᠤ᠃ ᠴᠠᠭᠠᠨ ᠯᠤᠤᠪᠠᠩ ᠳᠤ ᠸᠢᠲ᠋ᠠᠮᠢᠨ C ᠡᠯᠪᠡᠭ ᠠᠭᠤᠯᠵᠤ᠂ ᠴᠠᠶᠢᠷᠠᠭᠤᠯᠬᠤ ᠦᠢᠯᠡᠳᠦᠯ ᠮᠠᠰᠢ ᠰᠠᠶᠢᠨ᠃ ᠸᠢᠲ᠋ᠠᠮᠢᠨ C ᠪᠣᠯ ᠢᠰᠦᠯᠳᠦᠬᠦ ᠶᠢ ᠡᠰᠡᠷᠭᠦᠴᠡᠬᠦ ᠡᠳ᠋ ᠮᠥᠨ᠂ ᠲᠡᠷᠡ ᠨᠢ ᠬᠠᠷ᠎ᠠ ᠥᠩᠭᠡᠨ ᠤ ᠡᠳ᠋ ᠤᠨ ᠨᠡᠶᠢᠯᠡᠯᠲᠡ ᠶᠢ ᠬᠤᠷᠢᠭᠯᠠᠵᠤ᠂ ᠥᠭᠡᠬᠦ ᠶᠢᠨ ᠢᠰᠦᠯᠳᠦᠬᠦ ᠶᠢ ᠬᠤᠷᠢᠭᠯᠠᠳᠠᠭ᠃ ᠡᠶᠢᠮᠦ ᠠᠴᠠ ᠦᠷᠭᠦᠯᠵᠢ ᠴᠠᠭᠠᠨ ᠯᠤᠤᠪᠠᠩ ᠢᠳᠡᠪᠡᠯ ᠠᠷᠠᠰᠤ ᠪᠠᠨ ᠬᠠᠮᠠᠭᠠᠯᠠᠬᠤ ᠳᠤ ᠲᠤᠰᠠᠲᠠᠢ ᠪᠠᠶᠢᠳᠠᠭ᠃ ᠬᠡᠢ ᠶᠢ ᠨᠡᠪᠲᠡᠷᠡᠭᠦᠯᠬᠦ ᠃ ᠴᠠᠭᠠᠨ ᠯᠤᠤᠪᠠᠩ ᠢᠳᠡᠪᠡᠯ ᠬᠤᠳᠣᠭᠤᠳᠤ ᠭᠡᠳᠡᠰᠦ ᠶᠢ ᠤᠯᠠᠮ ᠢᠯᠭᠤᠮ ᠪᠣᠯᠭᠠᠳᠠᠭ᠂ ᠥᠭᠡᠷ᠎ᠡ ᠪᠠᠷ ᠬᠡᠯᠡᠪᠡᠯ ︽ᠬᠡᠢ ᠶᠢ ᠨᠡᠪᠲᠡᠷᠡᠭᠦᠯᠳᠡᠭ︾᠃      ᠶᠠᠭᠠᠬᠢᠭᠠᠳ ᠴᠠᠭᠠᠨ ᠯᠤᠤᠪᠠᠩ ︽ᠬᠡᠢ ᠶᠢ ᠨᠡᠪᠲᠡᠷᠡᠭᠦᠯᠬᠦ︾ ᠦᠢᠯᠡᠳᠦᠯ ᠲᠠᠢ ᠪᠠᠶᠢᠳᠠᠭ ᠪᠤᠢ︖      ᠴᠠᠭᠠᠨ ᠯᠤᠤᠪᠠᠩ ᠳᠤ ᠬᠤᠶᠠᠷ ᠵᠦᠢᠯ ᠤᠨ ᠤᠨᠴᠠᠭᠠᠢ ᠪᠦᠷᠢᠯᠳᠦᠭᠦᠨ ᠪᠠᠶᠢᠳᠠᠭ᠄ ᠨᠢᠭᠡ ᠨᠢ ᠳᠡᠭᠳᠡᠮᠡᠬᠡᠢ ᠴᠢᠨᠠᠷᠲᠠᠢ ᠲᠣᠰᠣ - ᠭᠠᠶᠢᠮᠤ ᠶᠢᠨ ᠦᠷ᠎ᠡ ᠶᠢᠨ ᠲᠣᠰᠣ᠂ ᠵᠠᠷᠢᠮ ᠯᠤᠤᠪᠠᠩ ᠨᠡᠯᠢᠶᠡᠳ ᠭᠤᠱᠤᠭᠤᠨ ᠪᠠᠶᠢᠳᠠᠭ ᠤᠨ ᠰᠢᠯᠲᠠᠭᠠᠨ ᠨᠢ ᠡᠨᠡ᠃ ᠨᠥᠭᠦᠭᠡ ᠨᠢᠭᠡ ᠨᠢ ᠴᠠᠭᠠᠨ ᠯᠤᠤᠪᠠᠩ ᠤᠨ ᠳᠣᠲᠣᠷᠠᠬᠢ ᠢᠳᠡᠭᠡᠨ ᠤ ᠰᠢᠷᠬᠡᠭᠯᠢᠭ ᠡᠳ᠋ ᠪᠣᠯᠣᠨ᠎ᠠ᠃ ᠴᠠᠭᠠᠨ ᠯᠤᠤᠪᠠᠩ ᠢᠳᠡᠭᠰᠡᠨ ᠤ ᠳᠠᠷᠠᠭ᠎ᠠ᠂ ︽ᠳᠡᠭᠡᠭᠰᠢ︾ ︽ᠳᠣᠷᠣᠭᠰᠢ︾ ᠪᠦᠷ ᠨᠡᠪᠲᠡᠷᠡᠭᠦᠯᠳᠡᠭ - ᠳᠠᠷᠤᠢ ᠳᠡᠭᠡᠭᠰᠢ ᠪᠠᠨ ᠭᠡᠭᠡᠷᠡᠭᠦᠯᠵᠤ᠂ ᠳᠣᠷᠣᠭᠰᠢ ᠪᠠᠨ ᠭᠡᠳᠡᠰᠦᠨ ᠤ ᠭᠦᠷᠪᠡᠯᠵᠡᠯ ᠴᠢᠩᠭᠠᠷᠠᠳᠠᠭ᠃ ᠡᠶᠢᠮᠦ ᠠᠴᠠ ᠯᠤᠤᠪᠠᠩ ᠢᠳᠡᠭᠰᠡᠨ ᠤ ᠳᠠᠷᠠᠭ᠎ᠠ᠂ ᠪᠡᠶ᠎ᠡ ᠶᠢᠨ ᠰᠢᠩᠭᠡᠭᠡᠯᠲᠡ ᠬᠠᠷᠢᠴᠠᠩᠭᠤᠢ ᠪᠠᠷ ᠠᠮᠠᠷᠬᠠᠨ ᠪᠥᠭᠡᠳ ᠢᠯᠭᠤᠮ ᠪᠤᠯᠳᠠᠭ᠃ ᠠᠭᠤᠰᠬᠢ ᠶᠢ ᠬᠠᠮᠠᠭᠠᠯᠠᠬᠤ᠃ ᠠᠩᠭ᠍ᠯᠢ ᠶᠢᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠠᠭᠤᠰᠬᠢᠨ ᠤ ᠬᠠᠯᠳᠠᠪᠤᠷᠢᠯᠠᠯ ᠣᠯᠠᠨ ᠡᠭᠦᠰᠬᠦ ᠬᠤᠭᠤᠴᠠᠭᠠᠨ ᠳᠤ ᠲᠣᠭᠤᠨᠣᠯᠵᠢᠨ ᠴᠡᠴᠡᠭ ᠤᠨ ᠲᠦᠷᠦᠯ ᠤᠨ ᠢᠳᠡᠰᠢᠨ ᠨᠣᠭᠤᠭ᠎ᠠ ᠶᠢ ᠢᠯᠡᠭᠦᠦ ᠢᠳᠡᠪᠡᠯ ᠠᠭᠤᠰᠬᠢ ᠶᠢ ᠬᠠᠮᠠᠭᠠᠯᠠᠵᠤ᠂ ᠬᠠᠯᠳᠠᠪᠤᠷᠢᠯᠠᠯ ᠢ ᠪᠠᠭᠠᠰᠬᠠᠬᠤ ᠦᠢᠯᠡᠳᠦᠯ ᠲᠠᠢ᠂ ᠴᠠᠭᠠᠨ ᠯᠤᠤᠪᠠᠩ ᠪᠣᠯ ᠳᠠᠷᠤᠢ ᠲᠣᠭᠤᠨᠣᠯᠵᠢᠨ ᠴᠡᠴᠡᠭ ᠤᠨ ᠲᠦᠷᠦᠯ ᠤᠨ ᠢᠳᠡᠰᠢᠨ ᠨᠣᠭᠤᠭ᠎ᠠ ᠳᠤ ᠪᠠᠭᠲᠠᠨ᠎ᠠ᠃      ᠴᠠᠭᠠᠨ ᠯᠤᠤᠪᠠᠩ ᠢ ᠲᠦᠭᠦᠬᠡᠢ ᠪᠠᠷ ᠢᠳᠡᠬᠦ ᠤᠤ ᠪᠣᠯᠭᠤᠵᠤ ᠢᠳᠡᠬᠦ ᠤᠤ︖      ᠴᠠᠭᠠᠨ ᠯᠤᠤᠪᠠᠩ ᠢ ᠲᠦᠭᠦᠬᠡᠢ ᠪᠠᠷ ᠢᠳᠡᠵᠦ ᠪᠣᠯᠣᠨ᠎ᠠ᠂ ᠭᠡᠪᠡᠴᠦ ᠴᠠᠭᠠᠨ ᠯᠤᠤᠪᠠᠩ ᠤᠨ ᠳᠣᠲᠣᠷ᠎ᠠ ᠳᠡᠭᠳᠡᠮᠡᠬᠡᠢ ᠴᠢᠨᠠᠷᠲᠠᠢ ᠭᠠᠶᠢᠮᠤ ᠶᠢᠨ ᠨᠠᠶᠢᠷᠠᠯᠭ᠎ᠠ ᠶᠢᠨ ᠲᠣᠰᠣ ᠠᠭᠤᠯᠵᠤ ᠪᠠᠶᠢᠬᠤ ᠤᠴᠢᠷ ᠠᠴᠠ ᠭᠤᠱᠤᠭᠤᠨ ᠠᠮᠲᠠ ᠲᠠᠢ᠂ ᠵᠠᠷᠢᠮ ᠨᠠᠶᠢᠵᠠ ᠨᠠᠷ ᠡᠨᠡ ᠬᠦ ᠰᠡᠳᠦᠯᠲᠡ ᠶᠢ ᠲᠡᠰᠪᠦᠷᠢᠯᠡᠵᠦ ᠳᠡᠶᠢᠯᠭᠦ ᠦᠭᠡᠢ ᠪᠠᠶᠢᠵᠤ ᠮᠡᠳᠡᠨ᠎ᠡ᠃ ᠲᠦᠭᠦᠬᠡᠢ ᠪᠠᠷ ᠢᠳᠡᠬᠦ ᠨᠢ ᠴᠠᠭᠠᠨ ᠯᠤᠤᠪᠠᠩ ᠤᠨ ᠳᠣᠲᠣᠷᠠᠬᠢ ᠬᠥᠮᠥᠨ ᠤ ᠪᠡᠶ᠎ᠡ ᠳᠤ ᠠᠰᠢᠭᠲᠠᠢ ᠪᠦᠷᠢᠯᠳᠦᠭᠦᠨ ᠢ ᠨᠡᠩ ᠪᠦᠷᠢᠨ ᠪᠦᠲᠦᠨ ᠬᠠᠳᠠᠭᠠᠯᠠᠵᠤ᠂ ᠪᠣᠯᠭᠤᠵᠤ ᠢᠳᠡᠬᠦ ᠨᠢ ᠡᠨᠡ ᠬᠦ ᠠᠰᠢᠭᠲᠠᠢ ᠪᠦᠷᠢᠯᠳᠦᠭᠦᠨ ᠢ ᠠᠯᠳᠠᠭᠳᠠᠭᠤᠯᠵᠤ ᠮᠡᠳᠡᠳᠡᠭ᠃ ᠭᠡᠬᠦ ᠳᠡᠭᠡᠨ ᠪᠤᠯᠭᠤᠪᠡᠯ ᠭᠤᠱᠤᠭᠤᠨ ᠠᠮᠲᠠ ᠶᠢ ᠨᠢ ᠠᠷᠢᠯᠭᠠᠳᠠᠭ ᠠᠴᠠ ᠥᠪᠡᠷ ᠥᠪᠡᠷ ᠤᠨ ᠪᠠᠶᠢᠳᠠᠯ ᠠᠴᠠ ᠡᠭᠦᠰᠴᠦ ᠢᠳᠡᠬᠦ ᠠᠷᠭ᠎ᠠ ᠪᠠᠨ ᠰᠣᠩᠭᠤᠭᠠᠷᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号