ᠵᠢᠯ ᠤᠨ ᠡᠬᠢᠨ ᠤ ᠬᠤᠶᠠᠷ ᠰᠠᠷ᠎ᠠ ᠳᠤ 5.86 ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠲᠠᠢ ᠪᠠᠶᠢᠨ᠎ᠠ
ᠨᠡᠶᠢᠲᠡᠯᠡᠭᠰᠡᠨ ᠴᠠᠭ᠄
2025/3/16
    1 ︱ 2 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ 5.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠨ᠂ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠲᠤ ᠬᠦᠴᠦᠲᠡᠢ ᠨᠡᠮᠡᠭᠳᠡᠯ ᠤᠨ ᠪᠠᠶᠢᠳᠠᠯ ᠢᠯᠡᠷᠡᠪᠡ᠃
                   4S ᠳᠡᠯᠭᠡᠭᠦᠷ ᠲᠡᠷᠭᠡᠨ ᠤ ᠡᠵᠡᠨ ᠳᠤ ᠰᠢᠨ᠎ᠡ ᠲᠡᠷᠭᠡ ᠲᠤᠰᠢᠶᠠᠬᠤ ᠶᠣᠰᠣᠯᠠᠯ ᠶᠠᠪᠤᠭᠤᠯᠪᠠ      ᠪᠣᠳᠠᠲᠠᠢ ᠪᠠᠷ ᠵᠠᠳᠠᠯᠵᠤ ᠦᠵᠡᠪᠡᠯ᠂ ᠰᠢᠲᠠᠭᠠᠯᠭ᠎ᠠ   ᠶᠢᠨ ᠲᠣᠰᠣᠨ ᠤ ᠲᠡᠷᠭᠡᠨ ᠤ ᠪᠣᠷᠣᠯᠠᠭᠤᠯᠤᠯᠲᠠ   ᠶᠢᠨ ᠬᠡᠮᠵᠢᠶ᠎ᠡ 2.88 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠪᠣᠷᠣᠯᠠᠭᠤᠯᠤᠯᠲᠠ   ᠶᠢᠨ ᠬᠡᠮᠵᠢᠶᠡᠨ ᠤ 49.1%   ᠶᠢ ᠡᠵᠡᠯᠡᠵᠡᠢ ᡽ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠪᠣᠷᠣᠯᠠᠭᠤᠯᠤᠯᠲᠠ ᠶᠢᠨ ᠬᠡᠮᠵᠢᠶ᠎ᠡ 2.98 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠪᠣᠷᠣᠯᠠᠭᠤᠯᠤᠯᠲᠠ ᠶᠢᠨ ᠬᠡᠮᠵᠢᠶ᠎ᠡ ᠶᠢᠨ 50.9% ᠶᠢ ᠡᠵᠡᠯᠡᠪᠡ᠃ ᠪᠣᠷᠤᠯᠠᠭᠤᠯᠭ᠎ᠠ ᠶᠢᠨ ᠬᠡᠮᠵᠢᠶ᠎ᠡ ᠶᠢᠨ ᠲᠠᠯ᠎ᠠ ᠪᠠᠷ᠂ ᠨᠡᠶᠢᠲᠡ 4513 ᠮᠠᠰᠢᠨ ᠲᠡᠷᠭᠡ ᠶᠢ ᠬᠤᠳᠠᠯᠳᠤᠵᠤ ᠭᠠᠷᠭᠠᠪᠠ᠂ ᠡᠭᠦᠨ ᠤ ᠳᠣᠲᠣᠷ᠎ᠠ ᠲᠣᠰᠣ ᠰᠢᠲᠠᠭᠠᠬᠤ ᠮᠠᠰᠢᠨ ᠲᠡᠷᠭᠡ 2407 ᠪᠠᠶᠢᠵᠤ᠂ ᠪᠥᠬᠦ ᠪᠣᠷᠤᠯᠠᠭᠤᠯᠭ᠎ᠠ ᠶᠢᠨ ᠬᠡᠮᠵᠢᠶ᠎ᠡ ᠶᠢᠨ 53.3% ᠶᠢ ᠡᠵᠡᠯᠡᠨ᠎ᠡ︔ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ 2106 ᠪᠠᠶᠢᠵᠤ᠂ ᠶᠡᠷᠦᠩᠬᠡᠢ ᠪᠣᠷᠤᠯᠠᠭᠤᠯᠭ᠎ᠠ   ᠶᠢᠨ 46.7%   ᠶᠢ ᠡᠵᠡᠯᠡᠵᠦ ᠪᠠᠶᠢᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠨᠢᠭᠡᠨᠲᠡ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠯᠬᠢᠨ ᠠᠬᠢᠭᠤᠯᠬᠤ ᠭᠤᠣᠯ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃
      ᠴᠠᠭᠠᠨ ᠰᠠᠷ᠎ᠠ ᠶᠢᠨ ᠬᠤᠭᠤᠴᠠᠭᠠᠨ ᠳᠤ 4S ᠳᠡᠯᠭᠡᠭᠦᠷ ᠠᠴᠠ ᠲᠡᠷᠭᠡ ᠬᠤᠳᠠᠯᠳᠤᠨ ᠠᠪᠬᠤ ᠬᠤᠲᠠ ᠶᠢᠨ ᠠᠷᠠᠳ ᠲᠠᠰᠤᠷᠠᠯᠲᠠ ᠦᠭᠡᠢ ᠴᠤᠪᠤᠷᠠᠵᠤ ᠪᠠᠶᠢᠨ᠎ᠠ      ᠡᠨᠡ ᠵᠢᠯ ᠠᠴᠠ ᠨᠠᠰᠢ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 1 ᠳ᠋ᠦᠭᠡᠷ ᠰᠠᠷ᠎ᠠ ᠶᠢᠨ 2 ᠤᠨ ᠡᠳᠦᠷ ︽2025 ᠣᠨ ᠤ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠠᠯᠪᠠᠨ ᠵᠠᠷ︾ ᠢ ᠨᠡᠶᠢᠲᠡᠯᠡᠵᠦ᠂ 1 ᠳ᠋ᠣᠭᠡᠷ ᠰᠠᠷ᠎ᠠ ᠶᠢᠨ 26 ᠤ ᠡᠳᠦᠷ ᠠᠴᠠ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢᠨ ᠨᠥᠬᠦᠪᠦᠷᠢ ᠬᠠᠮᠤᠭ ᠥᠨᠳᠥᠷ ᠲᠡᠭᠡᠨ 2 ᠲᠦᠮᠡᠨ ᠲᠥᠭᠦᠷᠢᠭ᠂ ᠰᠣᠯᠢᠵᠤ ᠰᠢᠨᠡᠳᠬᠡᠬᠦ ᠶᠢᠨ ᠨᠥᠬᠦᠪᠦᠷᠢ ᠬᠠᠮᠤᠭ ᠥᠨᠳᠥᠷ ᠲᠡᠭᠡᠨ 1.5 ᠲᠦᠮᠡᠨ ᠲᠥᠭᠦᠷᠢᠭ ᠪᠠᠶᠢᠵᠤ᠂ ᠣᠷᠣᠨ ᠤ ᠳᠣᠲᠣᠷ᠎ᠠ ᠭᠠᠳᠠᠨᠠᠬᠢ ᠶᠡᠭᠡ ᠬᠡᠮᠵᠢᠶᠡᠨ ᠤ ᠬᠡᠷᠡᠭᠯᠡᠭᠴᠢᠳ ᠤᠨ ᠠᠩᠬᠠᠷᠣᠯ ᠢ ᠲᠠᠲᠠᠭᠰᠠᠨ ᠪᠠᠶᠢᠨ᠎ᠠ᠃ 2 ᠳ᠋ᠤᠭᠠᠷ ᠰᠠᠷ᠎ᠠ ᠶᠢᠨ 10 ᠤ ᠡᠳᠦᠷ ᠠᠴᠠ 28 ᠤ ᠡᠳᠦᠷ ᠪᠣᠯᠲᠠᠯ᠎ᠠ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡᠨ ᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠮᠠᠰᠢᠨ ᠲᠡᠷᠭᠡᠨ ᠤ ᠬᠡᠷᠡᠭᠯᠡᠭᠡᠨ ᠤ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠥᠭᠵᠢᠯ ᠪᠠᠳᠠᠷᠠᠯ ᠢ ᠠᠬᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠬᠢᠨ 500 ᠲᠦᠮᠡᠨ ᠲᠥᠭᠦᠷᠢᠭ ᠤᠨ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠪᠡᠯᠡ ᠮᠥᠩᠭᠦ ᠣᠷᠣᠭᠤᠯᠵᠤ᠂ 2025 ᠣᠨ ᠤ ︽ᠪᠣᠭᠤ ᠶᠢᠨ ᠬᠤᠳᠠᠨ᠎ᠠ ᠪᠣᠯᠵᠣᠨ ᠰᠠᠨᠠᠭ᠎ᠠ ᠪᠠᠶᠠᠰᠬᠠᠬᠤ ᠲᠡᠷᠭᠡᠨ ᠴᠣᠭᠯᠠᠭ᠎ᠠ︾ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠣᠷᠣᠨ ᠤ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠡᠮᠵᠢᠶ᠎ᠡ 2.46 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠪᠣᠷᠤᠯᠠᠭᠤᠯᠭ᠎ᠠ ᠶᠢᠨ ᠬᠡᠮᠵᠢᠶ᠎ᠡ ᠶᠢᠨ 42.1% ᠶᠢ ᠡᠵᠡᠯᠡᠪᠡ᠃
    4S ᠳᠡᠯᠭᠡᠭᠦᠷ ᠤᠨ ᠠᠵᠢᠯᠲᠠᠨ ᠬᠤᠲᠠ ᠶᠢᠨ ᠠᠷᠠᠳ ᠲᠤ ᠮᠠᠰᠢᠨ ᠲᠡᠷᠭᠡ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ ᠦᠭᠴᠣ ᠪᠠᠶᠢᠨ᠎ᠠ     ᠲᠦᠷᠦᠭᠦᠦ ᠬᠤᠶᠠᠷ ᠰᠠᠷ᠎ᠠ ᠳᠤ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠲᠦᠷᠭᠡᠨ ᠨᠡᠮᠡᠭᠳᠡᠯ ᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠰᠠᠶᠢᠵᠢᠷᠠᠯᠲᠠ ᠶᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ ᠪᠠᠰᠠ ᠤᠯᠤᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠵᠢᠴᠢ ᠪᠤᠭᠤᠲᠤ ᠬᠤᠳᠠ ᠶᠢᠨ 2025 ᠣᠨ ᠤ  ︽ᠪᠣᠭᠤ ᠶᠢᠨ ᠬᠤᠳᠠᠨ᠎ᠠ ᠪᠣᠯᠵᠣᠨ ᠰᠠᠨᠠᠭ᠎ᠠ ᠪᠠᠶᠠᠰᠬᠠᠬᠤ ᠲᠡᠷᠭᠡᠨ ᠴᠣᠭᠯᠠᠭ᠎ᠠ︾ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠬᠦᠴᠦᠲᠡᠢ ᠲᠦᠯᠬᠢᠴᠡ ᠬᠦᠴᠦᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号