ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠬᠠᠪᠤᠷ ᠤᠨ ᠤᠯᠠᠷᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠪᠦᠬᠦᠢ ᠴᠢᠳᠠᠪᠤᠷᠢᠲᠠᠨ ᠡᠯᠡᠰᠡᠭᠦ ᠵᠠᠷ
ᠨᠡᠶᠢᠲᠡᠯᠡᠭᠰᠡᠨ ᠴᠠᠭ᠄
2025/3/16
ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠬᠠᠪᠤᠷ ᠤᠨ ᠤᠯᠠᠷᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠪᠦᠬᠦᠢ ᠴᠢᠳᠠᠪᠤᠷᠢᠲᠠᠨ ᠡᠯᠡᠰᠡᠭᠦ ᠵᠠᠷ     ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠡᠶᠢᠭᠡᠮ ᠨᠡᠶᠢᠲᠡ ᠳᠤ ᠬᠠᠨᠳᠤᠭᠤᠯᠤᠨ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ ᠢᠯᠡ ᠪᠠᠷ ᠣᠷᠣᠭᠤᠯᠤᠨ ᠠᠪᠴᠢᠷᠠᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠣᠷᠢᠨ ᠡᠯᠰᠡᠭᠦ ᠲᠤᠭ᠎ᠠ ᠵᠢᠴᠢ ᠣᠷᠣᠨ ᠪᠠᠶᠢᠷᠢ     ᠲᠣᠰ ᠤᠳᠠᠭ᠎ᠠ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡᠨ ᠤ 5 ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠪᠣᠶ᠂ ᠠᠵᠢᠯ ᠤᠨ ᠪᠠᠶᠢᠷᠢ ᠨᠢ ᠳᠣᠣᠷᠠᠬᠢ ᠮᠡᠲᠦ᠄     ᠲᠡᠭᠡᠳᠣ ᠳᠤᠮᠳᠠᠳᠤ ᠰᠤᠷᠭᠠᠭᠤᠯᠢ ᠳᠤ 3 ᠨᠡᠷ᠎ᠡ᠄ ᠬᠡᠯᠡ ᠪᠢᠴᠢᠭ 1 ᠨᠡᠷ᠎ᠡ᠂ ᠲᠣᠭᠠᠨ ᠤ ᠤᠬᠠᠭᠠᠨ 2 ᠨᠡᠷ᠎ᠡ︔     ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 2 ᠨᠡᠷ᠎ᠡ᠄ ᠬᠡᠯᠡ ᠪᠢᠴᠢᠭ 1 ᠨᠡᠷ᠎ᠡ᠂  ᠪᠡᠶ᠎ᠡ ᠲᠠᠮᠢᠷ 1 ᠨᠡᠷ᠎ᠡ᠃     ᠪᠣᠳᠠᠲᠠᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠳᠠᠭᠠᠯᠳᠤᠭᠤᠯᠤᠯ 1 ᠳᠤ ᠨᠠᠷᠢᠪᠴᠢᠯᠠᠨ ᠦᠵᠡᠭᠡᠷᠡᠢ᠃     ᠬᠤᠶᠠᠷ᠂ ᠬᠢᠷᠢ ᠬᠡᠮ ᠨᠦᠭᠦᠴᠡᠯ     ︵ᠨᠢᠭᠡ︶ ᠡᠷᠬᠡᠪᠰᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄     1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠂ ᠡᠷᠦᠭᠡ ᠠᠮᠠ ᠶᠢᠨ ᠲᠠᠩᠰᠠ ᠶᠢ ᠨᠢ ᠬᠢᠵᠠᠭᠠᠷᠯᠠᠬᠤ ᠦᠭᠡᠢ᠃     2. ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠰᠠᠶᠢᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠬᠦᠷᠢᠶᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠠᠵᠢᠯ ᠦᠢᠯᠡᠰᠴᠢ ᠰᠡᠳᠬᠢᠯᠭᠡ ᠪᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠬᠤᠪᠢᠶᠠᠷᠢᠯᠠᠯᠲᠠ ᠶᠢ ᠳᠠᠭᠠᠬᠤ ᠬᠡᠷᠡᠭᠲᠡᠢ᠃    3. ᠨᠠᠮ ᠤᠨ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠵᠤ᠂ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠲᠠᠢ ᠯᠠᠪᠳᠠᠭᠤᠨ ᠪᠠᠲᠤᠲᠠᠢ ᠡᠷᠳᠡᠮ ᠮᠡᠳᠡᠯᠭᠡ ᠲᠠᠢ ᠡᠨᠡᠷᠢᠩᠭᠦᠢ ᠰᠡᠳᠬᠢᠯ ᠲᠠᠢ᠂ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠠᠶᠢᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾᠂ ︽ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ︾᠂ ︽ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠦᠶᠯᠡ ᠠᠵᠢᠯᠯᠠᠭ᠎ᠠ ᠶᠢᠨ ᠠᠷᠪᠠᠨ ᠵᠦᠢᠯ ᠤᠨ ᠪᠠᠷᠢᠮᠵᠢᠶ᠎ᠠ︾ ᠶᠢ ᠤᠬᠠᠮᠰᠠᠷ   ᠠᠴᠠ ᠪᠠᠨ ᠵᠢᠷᠤᠮᠯᠠᠨ ᠰᠠᠬᠢᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ᠂ ᠵᠠᠩ ᠰᠤᠷᠲᠠᠯ ᠲᠥᠪ ᠴᠢᠬᠡᠴᠢ ᠪᠠᠶᠢᠵᠤ᠂ ᠰᠤᠷᠭᠠᠭᠤᠯᠢ ᠳᠤ ᠪᠠᠶᠢᠬᠤ ᠪᠤᠶᠤ ᠠᠵᠢᠯᠯᠠᠵᠤ ︵ᠠᠵᠢᠯ ᠬᠦᠯᠢᠶᠡᠵᠦ ᠪᠠᠶᠢᠭ᠎ᠠ︶ ᠬᠤᠭᠤᠴᠠᠭᠠᠨ ᠳᠠᠭᠠᠨ ᠢᠯᠡᠷᠡᠯ ᠰᠠᠶᠢᠲᠠᠢ ᠪᠠᠶᠢᠵᠤ᠂ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠪᠠ ᠪᠤᠰᠤᠳ ᠤᠷᠢᠨ ᠬᠡᠷᠡᠭᠯᠡᠵᠦ ᠪᠣᠯᠬᠤ ᠦᠭᠡᠢ ᠬᠠᠤᠯᠢ ᠶᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ᠃     4. ᠪᠡᠶ᠎ᠡ ᠮᠠᠬᠠᠪᠤᠳ ᠤᠨ ᠬᠡᠪ ᠴᠢᠨᠠᠷ ᠪᠠ ᠰᠡᠳᠬᠢᠴᠡ ᠶᠢᠨ ᠬᠡᠪ ᠴᠢᠨᠠᠷ ᠢᠶᠠᠷ ᠰᠠᠶᠢᠨ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠬᠠᠯᠳᠠᠪᠤᠷᠢᠲᠤ ᠡᠪᠡᠳᠴᠢᠨ ᠦᠭᠡᠢ᠂ ᠮᠡᠳᠡᠷᠡᠯ ᠤᠨ ᠡᠪᠡᠳᠴᠢᠨ ᠤ ᠲᠡᠦᠬᠡ ᠦᠭᠡᠢ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠬᠡᠷᠡᠭᠴᠡᠭᠡ ᠳᠤ ᠵᠣᠬᠢᠴᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠨᠳᠦᠰᠦᠨ ᠣᠨᠣᠯ ᠪᠠ ᠤᠷ᠎ᠠ ᠴᠢᠳᠠᠪᠤᠷᠢ ᠶᠢ ᠡᠵᠡᠮᠰᠢᠨ ᠬᠡᠷᠡᠭᠯᠡᠵᠦ᠂ ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃     5. ᠤᠷᠢᠵᠤ ᠬᠡᠷᠡᠭᠯᠡᠬᠦ ᠭᠠᠷᠳᠠᠮ ᠭᠦᠢᠴᠡᠳᠬᠡᠬᠦ ᠠᠴᠠ ᠡᠮᠦᠨ᠎ᠡ ᠨᠡᠷ᠎ᠡ ᠮᠡᠳᠡᠭᠦᠯᠬᠦ ᠠᠵᠢᠯ ᠤᠨ ᠪᠠᠶᠢᠷᠢ ᠯᠤᠭ᠎ᠠ ᠵᠣᠬᠢᠴᠠᠯᠳᠤᠭᠰᠠᠨ ᠪᠠᠭᠰᠢ ᠶᠢᠨ ᠬᠢᠷᠢ ᠬᠡᠮ ᠤᠨ ᠦᠨᠡᠮᠯᠡᠯ ᠣᠯᠵᠤ᠂ ᠬᠡᠷᠪᠡ ᠨᠡᠷ᠎ᠡ ᠮᠡᠳᠡᠭᠦᠯᠬᠦ ᠠᠵᠢᠯ ᠤᠨ ᠪᠠᠶᠢᠷᠢ  ᠯᠤᠭ᠎ᠠ ᠵᠣᠬᠢᠴᠠᠯᠳᠤᠭᠰᠠᠨ ᠰᠤᠷᠤᠯᠭ᠎ᠠ ᠶᠢᠨ ᠬᠡᠰᠡᠭ ᠪᠠ ᠬᠠᠷᠠᠭᠠᠯᠵᠠᠭᠰᠠᠨ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢᠨ ᠬᠢᠷᠢ ᠬᠡᠮ ᠤᠨ ᠦᠨᠡᠮᠯᠡᠯ ᠢ ᠲᠣᠭᠲᠠᠭᠰᠠᠨ ᠬᠤᠭᠤᠴᠠᠭᠠᠨ ᠳᠤ ᠣᠯᠣᠭᠰᠠᠨ ᠦᠭᠡᠢ ᠪᠠᠶᠢᠪᠠᠯ᠂ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃     6. ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ ᠠᠵᠢᠯ ᠤᠨ ᠪᠠᠶᠢᠷᠢ ᠶᠢ ᠰᠣᠩᠭᠤᠨ ᠮᠡᠳᠡᠭᠦᠯᠬᠦ ᠳᠤ ᠡᠷᠬᠡᠪᠰᠢ ᠰᠣᠷᠣᠭᠰᠠᠨ ᠲᠤᠰᠬᠠᠢ ᠮᠡᠷᠭᠡᠵᠢᠯ ᠲᠠᠢ ᠪᠠᠨ ᠨᠢᠭᠡᠳᠦᠯᠲᠡᠢ ᠪᠠᠶᠢᠬᠤ ᠬᠡᠷᠡᠭᠲᠡᠢ᠂ ᠲᠤᠰᠬᠠᠢ ᠮᠡᠷᠭᠡᠵᠢᠯ ᠠᠯᠤᠰᠯᠠᠨ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ᠂ ᠬᠤᠶᠠᠳᠤᠭᠠᠷ ᠡᠷᠳᠡᠮ ᠤᠨ ᠴᠣᠯᠠ ᠶᠢ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ᠃     7. ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠨᠥᠬᠦᠴᠡᠯ ︵ᠡᠷᠬᠡᠪᠰᠢ ᠪᠦᠷᠢᠯᠳᠦᠭᠦᠯᠬᠦ ᠴᠢᠬᠤᠯᠠᠲᠠᠢ ᠳᠣᠣᠷᠠᠬᠢ ᠨᠥᠬᠦᠴᠡᠯ ᠤᠳ ᠤᠨ ᠨᠢᠭᠡ︶᠄     ︵1︶ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠵᠢᠷᠭᠤᠭᠠᠨ ᠪᠠᠭᠰᠢ ᠶᠢᠨ ᠳᠡᠭᠡᠳᠦ ᠰᠤᠷᠭᠠᠭᠤᠯᠢ ᠪᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ᠂ ᠨᠠᠨᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠡᠮᠦᠨᠡᠲᠦ ᠣᠷᠣᠨ ᠤ ᠪᠠᠭᠰᠢ ᠶᠢᠨ ᠶᠡᠭᠡ ᠰᠤᠷᠭᠠᠭᠤᠯᠢ᠂ ᠬᠤᠨᠠᠨ ᠤ ᠪᠠᠭᠰᠢ ᠶᠢᠨ ᠶᠡᠭᠡ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠥᠩᠭᠡᠷᠡᠭᠰᠡᠨ ᠬᠤᠭᠤᠴᠠᠭᠠᠨ ᠤ ᠲᠡᠭᠦᠰᠬᠦ ᠰᠤᠷᠤᠭᠴᠢ᠃    ︵2︶ ᠱᠠᠨᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠹᠦᠵᠢᠶᠠᠨ ᠤ ᠪᠠᠭᠰᠢ ᠶᠢᠨ ᠶᠡᠭᠡ ᠰᠤᠷᠭᠠᠭᠤᠯᠢ᠂ ᠠᠨᠾᠦ᠋ᠢ ᠶᠢᠨ ᠪᠠᠭᠰᠢ ᠶᠢᠨ ᠶᠡᠭᠡ ᠰᠤᠷᠭᠠᠭᠤᠯᠢ᠂ ᠲᠢᠶᠠᠨᠵᠢᠨ ᠤ ᠪᠠᠭᠰᠢ ᠶᠢᠨ ᠶᠡᠭᠡ ᠰᠤᠷᠭᠠᠭᠤᠯᠢ᠂ ᠾᠧᠪᠧᠢ ᠶᠢᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠠᠷᠪᠢᠨ ᠤ ᠪᠠᠭᠰᠢ ᠶᠢᠨ ᠶᠡᠭᠡ ᠰᠤᠷᠭᠠᠭᠤᠯᠢ᠂ ᠵᠧᠵᠢᠶᠠᠩ ᠤᠨ ᠪᠠᠭᠰᠢ ᠶᠢᠨ ᠶᠡᠭᠡ ᠰᠤᠷᠭᠠᠭᠤᠯᠢ᠂ ᠱᠠᠩᠬᠠᠢ ᠶᠢᠨ ᠪᠠᠭᠰᠢ ᠶᠢᠨ ᠶᠡᠭᠡ ᠰᠤᠷᠭᠠᠭᠤᠯᠢ᠂ ᠴᠦᠩᠴᠢᠩ ᠤᠨ ᠪᠠᠭᠰᠢ ᠶᠢᠨ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠭᠤᠸᠠᠩᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠭᠦᠢᠵᠧᠦ ᠶᠢᠨ ᠪᠠᠭᠰᠢ ᠶᠢᠨ ᠶᠡᠭᠡ ᠰᠤᠷᠭᠠᠭᠤᠯᠢ᠂ ᠾᠧᠨᠠᠨ ᠤ ᠪᠠᠭᠰᠢ ᠶᠢᠨ ᠶᠡᠭᠡ ᠰᠤᠷᠭᠠᠭᠤᠯᠢ᠂ ᠬᠠᠶᠢᠨᠠᠨ ᠤ ᠪᠠᠭᠰᠢ ᠶᠢᠨ ᠶᠡᠭᠡ ᠰᠤᠷᠭᠠᠭᠤᠯᠢ᠂ ᠬᠤᠪᠧᠢ ᠶᠢᠨ ᠪᠠᠭᠰᠢ ᠶᠢᠨ ᠶᠡᠭᠡ ᠰᠤᠷᠭᠠᠭᠤᠯᠢ᠂ ᠵᠢᠶᠠᠩᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠯᠢᠶᠣᠤᠨᠢᠩ ᠤᠨ ᠪᠠᠭᠰᠢ ᠶᠢᠨ ᠶᠡᠭᠡ ᠰᠤᠷᠭᠠᠭᠤᠯᠢ᠂ ᠨᠢᠩᠰᠢᠶᠠ ᠶᠢᠨ ᠪᠠᠭᠰᠢ ᠶᠢᠨ ᠶᠡᠭᠡ ᠰᠤᠷᠭᠠᠭᠤᠯᠢ᠂ ᠬᠥᠬᠡᠨᠠᠭᠤᠷ ᠤᠨ ᠪᠠᠭᠰᠢ ᠶᠢᠨ ᠶᠡᠭᠡ ᠰᠤᠷᠭᠠᠭᠤᠯᠢ᠂ ᠱᠠᠨ ᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠰᠧᠴᠦᠦᠠᠨ ᠤ ᠪᠠᠭᠰᠢ ᠶᠢᠨ ᠶᠡᠭᠡ ᠰᠤᠷᠭᠠᠭᠤᠯᠢ᠂ ᠰᠢᠨᠵᠢᠶᠠᠩ ᠤᠨ ᠪᠠᠭᠰᠢ ᠶᠢᠨ ᠶᠡᠭᠡ ᠰᠤᠷᠭᠠᠭᠤᠯᠢ᠂ ᠶᠦᠨᠨᠠᠨ ᠤ ᠪᠠᠭᠰᠢ ᠶᠢᠨ ᠶᠡᠭᠡ ᠰᠤᠷᠭᠠᠭᠤᠯᠢ᠂ ᠭᠢᠷᠢᠨ ᠤ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠡᠷᠳᠡᠮ ᠤᠨ ᠴᠣᠯᠠ ᠲᠠᠢ 2025 ᠣᠨ ᠤ ᠲᠡᠭᠦᠰᠬᠦ ᠰᠣᠷᠣᠭᠴᠢ᠂ ᠪᠦᠬᠦᠯᠢ ᠡᠳᠦᠷ ᠤᠨ ᠳᠦᠷᠢᠮᠲᠦ ᠠᠰᠫᠢᠷᠠᠨᠲ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠡᠷᠳᠡᠮ ᠤᠨ ᠴᠣᠯᠠ ᠲᠠᠢ ᠥᠩᠭᠡᠷᠡᠭᠰᠡᠨ ᠬᠤᠭᠤᠴᠠᠭᠠᠨ ᠤ ᠲᠡᠭᠦᠰᠬᠦ ᠰᠣᠷᠣᠭᠴᠢ᠃     8. ᠨᠠᠰᠤ᠄ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ᠂ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ ᠶᠢ ᠪᠦᠬᠦᠯᠢ 28 ᠨᠠᠰᠤ ᠠᠴᠠ ᠬᠡᠲᠦᠷᠡᠭᠦᠯᠵᠦ ᠪᠣᠯᠬᠤ ᠦᠭᠡᠢ ︵1997 ᠣᠨ ᠤ 3 ᠰᠠᠷ᠎ᠠ ᠶᠢᠨ 6 ᠤ ᠡᠳᠦᠷ ᠵᠢᠴᠢ ᠲᠡᠭᠦᠨ ᠠᠴᠠ ᠰᠡᠭᠦᠯᠡᠷ ᠲᠥᠷᠥᠭᠰᠡᠨ︶︔ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠰᠤᠳᠤᠯᠬᠤ ᠰᠣᠷᠣᠭᠴᠢ ᠶᠢ ᠪᠦᠬᠦᠯᠢ 35 ᠨᠠᠰᠤ ᠠᠴᠠ ᠬᠡᠲᠦᠷᠡᠭᠦᠯᠵᠦ ᠪᠣᠯᠬᠤ ᠦᠭᠡᠢ ︵1990 ᠣᠨ ᠤ 3 ᠰᠠᠷ᠎ᠠ ᠶᠢᠨ 6 ᠤ ᠡᠳᠦᠷ ᠵᠢᠴᠢ ᠲᠡᠭᠦᠨ ᠠᠴᠠ ᠰᠡᠭᠦᠯᠡᠷ ᠲᠥᠷᠥᠭᠰᠡᠨ︶︔ ᠪᠦᠬᠦᠯᠢ ᠡᠳᠦᠷ ᠤᠨ ᠳᠦᠷᠢᠮᠲᠦ ᠳ᠋ᠣᠺᠲ᠋ᠣᠷ ᠤᠨ ᠡᠷᠳᠡᠮ ᠤᠨ ᠴᠣᠯᠠ ᠣᠯᠣᠭᠰᠠᠳ ᠪᠦᠬᠦᠯᠢ 45 ᠨᠠᠰᠤᠨ ᠠᠴᠠ ᠬᠡᠲᠦᠷᠡᠵᠦ ᠪᠣᠯᠬᠤ ᠦᠭᠡᠢ ︵1980 ᠣᠨ ᠤ 3 ᠰᠠᠷ᠎ᠠ ᠶᠢᠨ 6 ᠤ ᠡᠳᠦᠷ ᠵᠢᠴᠢ ᠲᠡᠭᠦᠨ ᠠᠴᠠ ᠰᠡᠭᠦᠯᠡᠷ ᠲᠥᠷᠥᠭᠰᠡᠨ︶᠃     9. 2025 ᠣᠨ ᠤ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ᠡᠷᠬᠡᠪᠰᠢ 2025 ᠣᠨ ᠤ 8 ᠰᠠᠷ᠎ᠠ ᠶᠢᠨ 1 ᠤ ᠡᠳᠦᠷ ᠠᠴᠠ ᠡᠮᠦᠨ᠎ᠡ ᠵᠣᠬᠢᠬᠤ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠵᠢᠴᠢ ᠵᠣᠬᠢᠬᠤ ᠰᠤᠷᠤᠯᠭ᠎ᠠ ᠶᠢᠨ ᠬᠡᠰᠡᠭ᠂ ᠬᠠᠷᠠᠭᠠᠯᠵᠠᠭᠰᠠᠨ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢᠨ ᠬᠢᠷᠢ ᠬᠡᠮ ᠤᠨ ᠦᠨᠡᠮᠯᠡᠯ ︵ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠭᠡᠷᠡᠴᠢ ᠪᠤᠶᠤ ᠪᠠᠭᠰᠢ ᠶᠢᠨ ᠮᠡᠷᠭᠡᠵᠢᠯ ᠤᠨ ᠰᠣᠷᠣᠭᠴᠢ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ + ᠨᠡᠶᠢᠲᠡᠯᠢᠭ ᠬᠡᠯᠡᠨ ᠤ ᠦᠨᠡᠮᠯᠡᠯ︶ ᠢ ᠣᠯᠵᠤ᠂ ᠬᠤᠭᠤᠴᠠᠭ᠎ᠠ ᠬᠡᠲᠦᠷᠡᠲᠡᠯ᠎ᠡ ᠣᠯᠣᠭᠰᠠᠨ ᠦᠭᠡᠢ ᠪᠣᠯ ᠣᠷᠣᠭᠤᠯᠤᠨ ᠠᠪᠴᠢᠷᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ ᠥᠩᠭᠡᠷᠡᠭᠰᠡᠨ ᠬᠤᠭᠤᠴᠠᠭᠠᠨ ᠤ ᠰᠣᠷᠣᠭᠴᠢ ᠡᠷᠬᠡᠪᠰᠢ ᠵᠣᠬᠢᠬᠤ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠪᠠ ᠨᠡᠷ᠎ᠡ ᠮᠡᠳᠡᠭᠦᠯᠬᠦ ᠠᠵᠢᠯ ᠤᠨ ᠪᠠᠶᠢᠷᠢ ᠲᠠᠢ ᠨᠡᠶᠢᠴᠡᠭᠰᠡᠨ ᠪᠠᠭᠰᠢ ᠶᠢᠨ ᠬᠢᠷᠢ ᠬᠡᠮ ᠤᠨ ᠦᠨᠡᠮᠯᠡᠯ ᠢ ᠣᠯᠣᠭᠰᠠᠨ ᠪᠠᠶᠢᠬᠤ ᠬᠡᠷᠡᠭᠲᠡᠢ᠃    ︵ᠬᠤᠶᠠᠷ︶ ᠳᠣᠣᠷ᠎ᠠ ᠵᠢᠭᠰᠠᠭᠠᠭᠰᠠᠨ ᠬᠥᠮᠥᠰ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ᠄    1. ᠰᠤᠷᠤᠯᠴᠠᠵᠤ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ᠂ ᠠᠰᠫᠢᠷᠠᠨᠲ ︵2025 ᠣᠨ ᠤ ᠲᠣᠰ ᠬᠤᠭᠤᠴᠠᠭᠠᠨ ᠤ ᠲᠡᠭᠦᠰᠬᠦ ᠰᠣᠷᠣᠭᠴᠢ ᠪᠠᠭᠲᠠᠬᠤ ᠦᠭᠡᠢ︶᠃    2. ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯ᠊ ᠢ᠂ ᠪᠡᠶ᠎ᠡ ᠪᠠᠨ ᠳᠠᠭᠠᠭᠠᠭᠰᠠᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠨᠠᠶᠢᠳᠠᠵᠤ ᠬᠥᠮᠥᠵᠢᠭᠦᠯᠦᠭᠰᠡᠨ᠂ ᠬᠠᠨᠳᠤᠯᠭ᠎ᠠ ᠲᠠᠢ ᠪᠠᠷ ᠬᠥᠮᠥᠵᠢᠭᠦᠯᠦᠭᠰᠡᠨ ᠪᠠ ᠬᠠᠮᠲᠤᠷᠠᠨ ᠰᠤᠷᠭᠠᠭᠤᠯᠢ ᠡᠷᠬᠢᠯᠡᠵᠤ ᠪᠠᠶᠢᠭ᠎ᠠ ᠰᠣᠷᠭᠠᠭᠤᠯᠢ ᠠᠴᠠ ᠲᠡᠭᠦᠰᠦᠭᠰᠡᠳ ᠵᠢᠴᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ᠃    3. ᠬᠤᠲᠠ ᠶᠢᠨ ᠳᠣᠲᠣᠷᠠᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠳᠤ ᠪᠠᠶᠢᠭ᠎ᠠ ᠠᠵᠢᠯᠲᠠᠨ᠃    4. ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠳᠬᠡᠯ ᠣᠯᠵᠤ ᠥᠩᠭᠡᠷᠡᠭᠰᠡᠨ ᠬᠥᠮᠥᠰ᠂ ᠠᠯᠪᠠᠨ ᠲᠤᠰᠢᠶᠠᠯ   ᠠᠴᠠ ᠪᠠᠨ ᠬᠥᠭᠡᠭᠡᠭᠳᠡᠭᠰᠡᠨ ᠬᠥᠮᠥᠰ᠂ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠥᠰ᠃    5. ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠡᠯᠰᠡᠬᠦ ᠠᠵᠢᠯ ᠳᠤ ᠬᠡᠮ ᠬᠢᠭᠰᠡᠨ ᠵᠡᠷᠭᠡ ᠡᠯᠰᠡᠨ ᠬᠡᠷᠡᠭᠯᠡᠬᠦ ︵ᠤᠷᠢᠨ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠥᠭᠡᠳ ᠰᠢᠯᠭᠠᠯᠲᠠ ᠶᠢ ᠴᠠᠭᠠᠵᠠᠯᠠᠬᠤ ᠬᠤᠭᠤᠴᠠᠭᠠᠨ ᠳᠤ ᠪᠠᠶᠢᠭ᠎ᠠ ᠠᠵᠢᠯᠲᠠᠨ᠃    6.  ᠶᠠᠭ ᠠᠯᠪᠠ ᠬᠠᠭᠠᠵᠣ ᠪᠠᠶᠢᠭ᠎ᠠ ᠴᠡᠷᠢᠭ᠃    7. ᠣᠷᠣᠭᠤᠯᠤᠭᠰᠠᠨ ᠤ ᠲᠠᠷᠠᠭ᠎ᠠ ᠳᠠᠷᠤᠢ ᠵᠠᠶᠢᠯᠠᠬᠤ ᠬᠠᠷᠢᠴᠠᠭ᠎ᠠ ᠲᠠᠢ ᠠᠵᠢᠯ ᠤᠨ ᠪᠠᠶᠢᠷᠢ ᠶᠢ ᠪᠦᠷᠢᠯᠳᠦᠭᠦᠯᠦᠭᠰᠡᠨ ᠬᠥᠮᠥᠰ᠃    8. ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢᠶᠠᠷ ᠣᠷᠣᠭᠤᠯᠵᠤ ᠪᠣᠯᠬᠤ ᠦᠭᠡᠢ ᠭᠡᠵᠦ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠲᠠᠢ ᠬᠥᠮᠥᠰ᠃     ᠭᠤᠷᠪᠠ᠂ ᠴᠢᠳᠠᠪᠦᠷᠢᠳᠡᠨ ᠣᠷᠢᠨ ᠡᠯᠰᠡᠭᠦ ᠠᠵᠢᠯ ᠤᠨ ᠲᠠᠷᠠᠭᠠᠯᠠᠯ    ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠠᠯᠪᠠᠨ ᠵᠠᠷ ᠨᠡᠶᠢᠲᠡᠯᠡᠬᠦ᠂ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠢᠴᠢ ᠰᠢᠯᠭᠠᠨ ᠪᠠᠶᠢᠴᠠᠭᠠᠬᠤ᠂ ᠵᠠᠷᠯᠠᠨ ᠨᠡᠶᠢᠲᠡᠯᠡᠬᠦ᠂ ᠤᠷᠢᠵᠤ ᠬᠡᠷᠡᠭᠯᠡᠬᠦ ᠭᠠᠷ ᠭᠦᠢᠴᠡᠳᠬᠡᠯ ᠬᠢᠬᠦ ᠵᠡᠷᠭᠡ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃     ︵ᠨᠢᠭᠡ︶ ᠠᠯᠪᠠᠨ ᠵᠠᠷ ᠨᠡᠶᠢᠲᠡᠯᠡᠨ᠎ᠡ     ᠪᠤᠭᠤᠲᠤ ᠬᠤᠲᠠ ᠶᠢᠨ ᠴᠢᠳᠠᠪᠤᠷᠢᠲᠠᠨ ᠢ ᠯᠦ ᠲᠦᠩ ᠦᠢᠯᠡᠴᠢᠯᠡᠭᠡᠨ ᠤ ᠲᠠᠪᠴᠠᠩ᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶᠂ ᠪᠤᠭᠤᠲᠤ ᠶᠢᠨ ᠴᠢᠳᠠᠪᠤᠷᠢᠲᠠᠨ ᠤ ᠰᠦᠯᠵᠢᠶ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠡᠯ᠎ᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ ᠰᠦᠯᠵᠢᠶ᠎ᠡ ᠵᠡᠷᠭᠡ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠢᠯᠡ ᠪᠠᠷ ᠨᠡᠶᠢᠲᠡᠯᠡᠨ᠎ᠡ᠃    ︵ᠬᠤᠶᠠᠷ︶ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ    ᠨᠡᠷ᠎ᠡ ᠮᠡᠳᠡᠭᠦᠯᠦᠭᠰᠡᠳ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ ᠪᠤᠶᠤ ᠰᠦᠯᠵᠢᠶ᠎ᠡ ᠪᠠᠷ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠨᠡᠷ᠎ᠡ ᠮᠡᠳᠡᠭᠦᠯᠵᠦ ᠪᠣᠯᠣᠨ᠎ᠠ᠃     1. ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ᠄ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠪᠠ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ ᠪᠠ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ᠎ᠠ᠃ ᠲᠣᠰ ᠤᠳᠠᠭ᠎ᠠ ᠣᠷᠣᠭᠤᠯᠤᠨ ᠠᠪᠴᠢᠷᠠᠬᠤ ᠳᠤ ᠠᠵᠢᠯ ᠤᠨ ᠪᠠᠶᠢᠷᠢ ᠶᠢᠨ ᠠᠬᠢᠨ ᠬᠠᠰᠤᠭᠳᠠᠬᠤ ᠳᠦᠷᠢᠮ ᠢ ᠬᠡᠷᠡᠭᠵᠢᠭᠦᠯᠵᠦ᠂ ᠳᠡᠭᠡᠷ᠎ᠡ ᠨᠢᠭᠡ ᠰᠢᠯᠭᠠᠯᠲᠠ ᠶᠢᠨ ᠴᠡᠭ ᠲᠤ ᠡᠯᠰᠡᠭᠰᠡᠨ ᠠᠵᠢᠯ ᠤᠨ ᠪᠠᠶᠢᠷᠢ ᠶᠢ ᠳᠠᠭᠢᠵᠤ ᠳᠠᠷᠠᠭ᠎ᠠ ᠨᠢᠭᠡ ᠰᠢᠯᠭᠠᠯᠲᠠ ᠶᠢᠨ ᠴᠡᠭ ᠲᠤ ᠴᠢᠳᠠᠪᠤᠷᠢᠲᠠᠨ ᠡᠯᠰᠡᠬᠦ ᠠᠵᠢᠯ ᠤᠨ ᠪᠠᠶᠢᠷᠢ ᠪᠣᠯᠭᠠᠬᠤ ᠦᠭᠡᠢ᠃ ᠪᠣᠳᠠᠲᠠᠢ ᠴᠠᠭ᠂ ᠭᠠᠵᠠᠷ ᠣᠷᠣᠨ ᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠡᠯ᠎ᠡ ᠬᠠᠮᠢᠶ᠎ᠠ ᠪᠦᠬᠦᠢ ᠳᠡᠭᠡᠳᠦ ᠰᠤᠷᠭᠠᠭᠤᠯᠢ ᠶᠢᠨ ᠠᠯᠪᠠᠲᠠᠨ ᠡᠯᠰᠡᠬᠦ ᠭᠠᠵᠠᠷ ᠤᠨ ᠠᠯᠪᠠᠨ ᠤ ᠰᠦᠯᠵᠢᠶ᠎ᠡ ᠳᠤ ᠨᠡᠶᠢᠲᠡᠯᠡᠭᠰᠡᠨ ᠮᠡᠳᠡᠭᠳᠡᠯ ᠢ ᠠᠩᠬᠠᠷᠬᠤ ᠬᠡᠷᠡᠭᠲᠡᠢ᠃     2. ᠰᠦᠯᠵᠢᠶ᠎ᠡ ᠪᠠᠷ ᠨᠡᠷ᠎ᠡ ᠮᠡᠳᠡᠭᠦᠯᠬᠦ᠄ ᠰᠢᠯᠭᠠᠯᠲᠠ ᠳᠤ ᠨᠡᠷ᠎ᠡ ᠮᠡᠳᠡᠭᠦᠯᠦᠭᠰᠡᠳ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ︵2025 ᠣᠨ ᠤ 3 ᠰᠠᠷ᠎ᠠ ᠶᠢᠨ 6 ᠤ ᠡᠳᠦᠷ ︱ 3 ᠰᠠᠷ᠎ᠠ ᠶᠢᠨ 13 ᠤ ᠡᠳᠦᠷ ᠤᠨ 17᠄ 00   ᠠᠴᠠ ᠡᠮᠦᠨ᠎ᠡ︶ ᠲᠠᠭᠯᠠᠵᠤ ᠳᠠᠭᠤᠰᠬᠠᠭᠰᠠᠨ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ 2025 ᠣᠨ ᠳᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠤ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2 ᠢ ᠦᠵᠡ︶ ᠶᠢᠨ ᠡᠯᠧᠺᠲᠷᠣᠨ ᠬᠡᠪᠯᠡᠯ ᠢ gxqjyjsz@163.com ᠰᠢᠤᠳᠠᠨ ᠤ ᠬᠠᠶᠢᠷᠴᠠᠭ ᠲᠤ ᠬᠦᠷᠭᠡᠵᠦ ᠠᠩᠬᠠᠨ ᠤ ᠬᠢᠨᠠᠯᠲᠠ ᠬᠢᠯᠭᠡᠨ᠎ᠡ᠃     3. ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ᠄     ︵1︶ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ 2025 ᠣᠨ ᠳᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ ᠣᠷᠣᠭᠤᠯᠣᠨ ᠠᠪᠴᠢᠷᠠᠬᠤ ᠨᠡᠷ᠎ᠡ ᠮᠡᠳᠡᠭᠦᠯᠬᠦ ᠬᠦᠰᠦᠨᠦᠭᠲᠦ︾᠂ ᠪᠤᠳᠤᠭᠲᠤ ᠳᠠᠷᠤᠮᠠᠯᠯᠠᠯ᠃     ︵2︶ ᠲᠤᠰ ᠬᠥᠮᠥᠨ ᠤ ᠪᠡᠶ᠎ᠡ ᠶᠢᠨ ᠦᠨᠡᠮᠯᠡᠯ ᠵᠢᠴᠢ ᠬᠤᠪᠢ ᠬᠥᠮᠥᠨ ᠤ ᠲᠣᠪᠴᠢ ᠨᠠᠮᠲᠠᠷ᠃     ︵3︶ ᠰᠤᠷᠤᠯᠭ᠎ᠠ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ︵2025 ᠣᠨ ᠳᠤ ᠲᠣᠰ ᠬᠤᠭᠤᠴᠠᠭᠠᠨ ᠤ ᠲᠡᠭᠦᠰᠬᠦ ᠰᠣᠷᠣᠭᠴᠢ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠣᠭᠰᠠᠨ ᠦᠭᠡᠢ ᠪᠠᠶᠢᠪᠠᠯ᠂ ᠪᠠᠶᠢᠭ᠎ᠠ ᠳᠡᠭᠡᠳᠦ ᠰᠤᠷᠭᠠᠭᠤᠯᠢ ︿ᠰᠠᠯᠪᠤᠷᠢ﹀ ᠪᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ︿ᠰᠤᠳᠤᠯᠬᠤ ᠰᠣᠷᠣᠭᠴᠢ ᠶᠢᠨ ᠬᠦᠷᠢᠶᠡᠯᠡᠩ᠂ ᠭᠠᠵᠠᠷ﹀ ᠤᠨ ᠠᠯᠪᠠᠨ ᠲᠠᠮᠠᠭ᠎ᠠ ᠶᠢ ᠳᠠᠷᠤᠭᠰᠠᠨ ᠭᠡᠷᠡᠴᠢ ᠪᠠᠨ ᠦᠵᠡᠭᠦᠯᠦᠨ᠎ᠡ︶᠃     ︵4︶ ᠰᠤᠷᠤᠯᠭ᠎ᠠ ᠶᠢᠨ ᠨᠠᠮᠲᠠᠷ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ ︵ᠥᠩᠭᠡᠷᠡᠭᠰᠡᠨ ᠬᠤᠭᠤᠴᠠᠭᠠᠨ ᠤ ᠰᠣᠷᠣᠭᠴᠢ ᠬᠠᠩᠭᠠᠨ᠎ᠠ︶ ᠪᠤᠶᠤ ᠰᠤᠷᠤᠯᠭ᠎ᠠ ᠶᠢᠨ ᠬᠠᠷᠢᠶ᠎ᠠ ᠶᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ ︵ᠲᠣᠰ ᠬᠤᠭᠤᠴᠠᠭᠠᠨ ᠤ ᠰᠣᠷᠣᠭᠴᠢ ᠬᠠᠩᠭᠠᠨ᠎ᠠ︶᠃      ︵5︶ ᠱᠠᠨᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠹᠦᠵᠢᠶᠠᠨ ᠤ ᠪᠠᠭᠰᠢ ᠶᠢᠨ ᠶᠡᠭᠡ ᠰᠤᠷᠭᠠᠭᠤᠯᠢ᠂ ᠠᠨᠾᠦ᠋ᠢ ᠶᠢᠨ ᠪᠠᠭᠰᠢ ᠶᠢᠨ ᠶᠡᠭᠡ ᠰᠤᠷᠭᠠᠭᠤᠯᠢ᠂ ᠲᠢᠶᠠᠨᠵᠢᠨ ᠤ ᠪᠠᠭᠰᠢ ᠶᠢᠨ ᠶᠡᠭᠡ ᠰᠤᠷᠭᠠᠭᠤᠯᠢ᠂ ᠾᠧᠪᠧᠢ ᠶᠢᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠠᠷᠪᠢᠨ ᠤ ᠪᠠᠭᠰᠢ ᠶᠢᠨ ᠶᠡᠭᠡ ᠰᠤᠷᠭᠠᠭᠤᠯᠢ᠂ ᠵᠧᠵᠢᠶᠠᠩ ᠤᠨ ᠪᠠᠭᠰᠢ ᠶᠢᠨ ᠶᠡᠭᠡ ᠰᠤᠷᠭᠠᠭᠤᠯᠢ᠂ ᠱᠠᠩᠬᠠᠢ ᠶᠢᠨ ᠪᠠᠭᠰᠢ ᠶᠢᠨ ᠶᠡᠭᠡ ᠰᠤᠷᠭᠠᠭᠤᠯᠢ ᠂ ᠴᠦᠩᠴᠢᠩ ᠤᠨ ᠪᠠᠭᠰᠢ ᠶᠢᠨ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠭᠦᠦᠠᠩᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠭᠦᠢᠵᠧᠦ ᠶᠢᠨ ᠪᠠᠭᠰᠢ ᠶᠢᠨ ᠶᠡᠭᠡ ᠰᠤᠷᠭᠠᠭᠤᠯᠢ᠂ ᠾᠧᠨᠠᠨ ᠤ ᠪᠠᠭᠰᠢ ᠶᠢᠨ ᠶᠡᠭᠡ ᠰᠤᠷᠭᠠᠭᠤᠯᠢ᠂ ᠬᠠᠶᠢᠨᠠᠨ ᠤ ᠪᠠᠭᠰᠢ ᠶᠢᠨ ᠶᠡᠭᠡ ᠰᠤᠷᠭᠠᠭᠤᠯᠢ᠂ ᠬᠤᠪᠧᠢ ᠶᠢᠨ ᠪᠠᠭᠰᠢ ᠶᠢᠨ ᠶᠡᠭᠡ ᠰᠤᠷᠭᠠᠭᠤᠯᠢ᠂ ᠵᠢᠶᠠᠩᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠯᠢᠶᠣᠤᠨᠢᠩ ᠤᠨ ᠪᠠᠭᠰᠢ ᠶᠢᠨ ᠶᠡᠭᠡ ᠰᠤᠷᠭᠠᠭᠤᠯᠢ᠂ ᠨᠢᠩᠰᠢᠶᠠ ᠶᠢᠨ ᠪᠠᠭᠰᠢ ᠶᠢᠨ ᠶᠡᠭᠡ ᠰᠤᠷᠭᠠᠭᠤᠯᠢ᠂ ᠬᠥᠬᠡᠨᠠᠭᠤᠷ ᠤᠨ ᠪᠠᠭᠰᠢ ᠶᠢᠨ ᠶᠡᠭᠡ ᠰᠤᠷᠭᠠᠭᠤᠯᠢ᠂ ᠱᠠᠨ ᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠰᠧᠴᠦᠦᠠᠨ ᠤ ᠪᠠᠭᠰᠢ ᠶᠢᠨ ᠶᠡᠭᠡ ᠰᠤᠷᠭᠠᠭᠤᠯᠢ᠂ ᠰᠢᠨᠵᠢᠶᠠᠩ ᠤᠨ ᠪᠠᠭᠰᠢ ᠶᠢᠨ ᠶᠡᠭᠡ ᠰᠤᠷᠭᠠᠭᠤᠯᠢ᠂ ᠶᠦᠨᠨᠠᠨ ᠤ ᠪᠠᠭᠰᠢ ᠶᠢᠨ ᠶᠡᠭᠡ ᠰᠤᠷᠭᠠᠭᠤᠯᠢ᠂ ᠭᠢᠷᠢᠨ ᠤ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠵᠢᠩᠬᠢᠨᠢ ᠠᠩᠭᠢ ᠶᠢᠨ ᠰᠣᠷᠣᠭᠴᠢ ᠬᠢᠷᠢ ᠪᠦᠲᠦᠮᠵᠢ ᠶᠢᠨ ᠬᠠᠭᠤᠳᠠᠰᠤ ᠬᠠᠩᠭᠠᠵᠤ ᠲᠣᠰ ᠲᠤᠰᠬᠠᠢ ᠮᠡᠷᠭᠡᠵᠢᠯ ᠨᠢ ᠪᠠᠭᠰᠢ ᠶᠢᠨ ᠲᠥᠷᠥᠯ ᠪᠣᠯᠬᠤ ᠶᠢ ᠭᠡᠷᠡᠴᠢᠯᠡᠬᠦ ᠬᠡᠷᠡᠭᠲᠡᠢ᠃ ᠡᠰᠡᠬᠦᠯ᠎ᠡ ᠳᠡᠭᠡᠳᠦ ᠰᠤᠷᠭᠠᠭᠤᠯᠢ ᠪᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠠᠴᠠ ᠭᠠᠷᠭᠠᠭᠰᠠᠨ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠲᠤᠰᠬᠠᠢ ᠮᠡᠷᠭᠡᠵᠢᠯ ᠤᠨ ᠭᠡᠷᠡᠴᠢ ᠶᠢ ᠬᠠᠩᠭᠠᠨ᠎ᠠ᠃     ︵6  ︶ ᠪᠠᠭᠰᠢ ᠶᠢᠨ ᠬᠢᠷᠢ ᠬᠡᠮ ᠤᠨ ᠦᠨᠡᠮᠯᠡᠯ᠂  ᠨᠡᠶᠢᠳᠡᠮ ᠬᠡᠷᠡᠭᠯᠡᠭᠡᠨ ᠤᠨ ᠬᠡᠯᠡᠨ ᠤ ᠦᠨᠡᠮᠯᠡᠯ᠃      ︵7︶ ᠨᠢᠭᠡᠨᠲᠡ ᠤᠷᠢᠨ ᠬᠡᠷᠡᠭᠯᠡᠬᠦ ᠭᠡᠷ᠎ᠡ ᠲᠣᠭᠲᠠᠭᠠᠭᠰᠠᠨ ᠪᠤᠶᠤ ᠬᠥᠳᠡᠯᠮᠦᠷᠢ ᠶᠢᠨ ᠭᠡᠷ᠎ᠡ ᠨᠢ ᠬᠠᠷᠠᠬᠠᠨ ᠭᠡᠷ᠎ᠡ ᠶᠢᠨ ᠬᠤᠭᠤᠴᠠᠭᠠᠨ ᠳᠤ ᠪᠠᠶᠢᠭ᠎ᠠ ᠬᠥᠮᠥᠰ ᠲᠤ᠂ ᠤᠳᠤ ᠶᠢᠨ ᠠᠵᠢᠯᠯᠠᠵᠤ ᠪᠠᠶᠢᠭ᠎ᠠ ᠨᠢᠭᠡᠴᠢ ᠶᠢᠨ ᠨᠡᠷ᠎ᠡ ᠮᠡᠳᠡᠭᠦᠯᠬᠦ ᠶᠢ ᠵᠥᠪᠰᠢᠶᠡᠷᠡᠭᠰᠡᠨ ᠭᠡᠷᠡᠴᠢ ᠶᠢ ᠬᠠᠩᠭᠠᠬᠤ ᠬᠡᠷᠡᠭᠲᠡᠢ ︵ᠠᠵᠢᠯᠲᠠᠨ ᠤ ᠶᠠᠪᠤᠳᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠡᠷ᠎ᠡ ᠮᠡᠳᠡᠭᠦᠯᠬᠦ ᠬᠦᠰᠦᠨᠦᠭᠲᠦ ᠳᠠᠬᠢ ᠵᠣᠬᠢᠴᠠᠩᠭᠤᠢ ᠪᠠᠶᠢᠷᠢᠨ ᠳᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ᠎ᠠ︶᠃      ︵8︶ ᠬᠢᠷᠢ ᠬᠡᠮ ᠢ ᠬᠢᠨᠠᠨ ᠬᠠᠷᠭᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠷᠢᠳ ᠢᠶᠠᠷ ᠳᠡᠭᠡᠷ᠎ᠡ ᠳᠤᠷᠠᠳᠤᠭᠰᠠᠨ ᠳᠡᠰ ᠳᠠᠷᠠᠭᠠᠯᠠᠯ ᠢᠶᠠᠷ ᠬᠠᠮᠢᠶ᠎ᠠ ᠪᠦᠬᠦᠢ ᠮᠠᠲ᠋ᠧᠷᠢᠶᠠᠯ ᠤᠨ ᠤᠭ ᠮᠠᠲ᠋ᠧᠷᠢᠶᠠᠯ ᠪᠣᠯᠣᠨ ᠪᠠᠭᠤᠯᠭᠠᠪᠤᠷᠢ ᠶᠢ ᠰᠠᠯᠭᠠᠵᠤ ᠪᠠᠶᠢᠴᠠᠭᠠᠬᠤ ᠳᠤ ᠪᠡᠯᠡᠳᠬᠡᠭᠡᠷᠡᠢ᠃ ᠠᠵᠢᠯᠲᠠᠨ   ᠠᠴᠠ ᠨᠡᠷ᠎ᠡ ᠮᠡᠳᠡᠭᠦᠯᠦᠭᠰᠡᠳ ᠤᠨ ᠬᠠᠩᠭᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠨᠡᠷ᠎ᠡ ᠮᠡᠳᠡᠭᠦᠯᠦᠭᠰᠡᠳ ᠤᠨ ᠬᠠᠩᠭᠠᠭᠰᠠᠨ ᠬᠤᠪᠢ ᠬᠥᠮᠥᠨ ᠤ ᠦᠨᠡᠮᠯᠡᠯ ᠪᠠ ᠬᠠᠮᠢᠶ᠎ᠠ ᠪᠦᠬᠦᠢ ᠮᠡᠳᠡᠭᠡ ᠵᠠᠩᠭᠢ ᠨᠢ ᠡᠷᠬᠡᠪᠰᠢ ᠦᠨᠡᠨ ᠪᠣᠳᠠᠲᠠᠢ ᠣᠨᠣᠪᠴᠢᠲᠠᠶ ᠪᠠᠶᠢᠬᠤ ᠬᠡᠷᠡᠭᠲᠡᠢ᠂ ᠬᠡᠷᠪᠡ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠢ ᠪᠠᠶᠢᠴᠠᠭᠠᠨ ᠲᠣᠳᠣᠯᠠᠪᠠᠯ᠂ ᠬᠢᠷᠢ ᠬᠡᠮ ᠢ ᠨᠢ ᠴᠥᠮ ᠬᠦᠴᠦᠨ ᠦᠭᠡᠢ ᠪᠣᠯᠭᠠᠬᠤ ᠬᠡᠷᠡᠭᠲᠡᠢ᠃      ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ      ᠬᠢᠷᠢ ᠬᠡᠮ ᠤᠨ ᠠᠩᠬᠠᠨ ᠤ ᠬᠢᠨᠠᠯᠲᠠ ᠶᠢ ᠥᠩᠭᠡᠷᠡᠭᠡᠭᠰᠡᠨ ᠰᠦᠯᠵᠢᠶ᠎ᠡ ᠪᠠᠷ ᠰᠢᠯᠭᠠᠯᠲᠠ ᠳᠤ ᠨᠡᠷ᠎ᠡ ᠮᠡᠳᠡᠭᠦᠯᠦᠭᠰᠡᠳ ᠵᠢᠴᠢ ᠲᠤᠬᠠᠢ ᠶᠢᠨ ᠲᠠᠯᠠᠪᠤᠷ ᠲᠤ ᠰᠢᠯᠭᠠᠯᠲᠠ ᠳᠤ ᠨᠡᠷ᠎ᠡ ᠮᠡᠳᠡᠭᠦᠯᠦᠭᠰᠡᠳ ᠨᠢ ᠲᠣᠭᠲᠠᠭᠰᠠᠨ ᠴᠠᠭ ᠤᠨ ᠳᠣᠲᠣᠷ᠎ᠠ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ 2025 ᠣᠨ ᠳᠤ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠤ ᠨᠡᠷ᠎ᠡ ᠮᠡᠳᠡᠭᠦᠯᠬᠦ ᠬᠦᠰᠦᠨᠦᠭᠲᠦ︾ ᠵᠢᠴᠢ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ ᠶᠢ ᠲᠣᠭᠲᠠᠭᠰᠠᠨ ᠭᠠᠵᠠᠷ ᠲᠤ ᠠᠪᠠᠴᠢᠵᠤ ᠲᠤᠬᠠᠢ ᠶᠢᠨ ᠲᠠᠯᠠᠪᠤᠷ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠬᠢᠨ᠎ᠡ ︵ᠴᠠᠭ ᠪᠠ ᠭᠠᠵᠠᠷ ᠤᠨ ᠵᠠᠯᠭᠠᠮᠵᠢ ᠮᠡᠳᠡᠭᠳᠡᠯ︶᠃ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠣᠷᠣᠭᠤᠯᠤᠨ ᠠᠪᠴᠢᠷᠠᠬᠤ ᠠᠵᠢᠯ ᠤᠨ ᠪᠥᠬᠦ ᠶᠠᠪᠤᠴᠠ ᠳᠤ ᠲᠦᠦᠱᠯᠠᠭᠤᠯᠵᠤ᠂ ᠶᠠᠮᠠᠷᠪᠠ ᠱᠠᠲᠤ ᠦᠶ᠎ᠡ ᠵᠢᠴᠢ ᠡᠯᠰᠡᠨ ᠬᠡᠷᠡᠭᠯᠡᠭᠰᠡᠨ ᠤ ᠳᠠᠷᠠᠭ᠎ᠠ ᠨᠥᠬᠦᠴᠡᠯ ᠨᠢ ᠨᠡᠶᠢᠴᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠢ ᠣᠯᠵᠤ ᠮᠡᠳᠡᠪᠡᠯ᠂ ᠴᠥᠮ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠬᠠᠷᠢᠭᠤᠴᠠᠯᠭ᠎ᠠ ᠶᠢ ᠨᠡᠷ᠎ᠡ ᠮᠡᠳᠡᠭᠦᠯᠦᠭᠴᠢ ᠥᠪᠡᠷ ᠢᠶᠠᠨ ᠡᠭᠦᠷᠭᠡᠯᠡᠨ᠎ᠡ᠃ ᠬᠢᠷᠢ ᠬᠡᠮ ᠢ ᠬᠢᠨᠠᠨ ᠪᠠᠶᠢᠴᠠᠭᠠᠭᠰᠠᠨ ᠳ᠋ᠦᠩ ᠢ ᠲᠤᠬᠠᠢ ᠶᠢᠨ ᠲᠠᠯᠠᠪᠤᠷ ᠲᠤ ᠮᠡᠳᠡᠭᠳᠡᠨ᠎ᠡ     ᠲᠣᠰ ᠤᠳᠠᠭᠠᠨ ᠤ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠪᠣᠯᠣᠨ ᠠᠵᠢᠯ ᠤᠨ ᠪᠠᠶᠢᠷᠢ ᠳᠤ ᠣᠷᠣᠭᠤᠯᠬᠤ ᠪᠠᠷ ᠪᠠᠶᠢᠭ᠎ᠠ ᠬᠥᠮᠥᠨ ᠤ ᠲᠤᠭ᠎ᠠ ᠶᠢ 3:1 ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠢᠩᠭᠢᠪᠡᠯ ᠰᠠᠶ᠋ᠢ ᠨᠢᠭᠤᠷᠲᠠᠨ ᠰᠢᠯᠭᠠᠬᠤ ᠭᠤᠭᠴᠤᠭ᠎ᠠ ᠳᠤ ᠣᠷᠣᠵᠤ ᠪᠣᠯᠣᠨ᠎ᠠ᠃ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠨᠢ ᠲᠣᠭᠲᠠᠭᠠᠭᠰᠠᠨ ᠬᠥᠮᠥᠨ ᠤ ᠲᠤᠭ᠎ᠠ   ᠠᠴᠠ ᠳᠤᠲᠠᠭᠤ ᠪᠠᠶᠢᠪᠠᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠰᠤᠳᠤᠯᠤᠨ ᠲᠣᠭᠲᠠᠭᠠᠯᠭᠠᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠬᠢᠭᠡᠳ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠲᠤᠭ᠎ᠠ ᠶᠢᠨ ᠬᠠᠷᠢᠴᠠᠯ ᠳᠤ ᠵᠣᠬᠢᠰᠲᠠᠢ ᠲᠣᠬᠢᠷᠠᠭᠤᠯᠤᠯᠲᠠ ᠬᠢᠵᠦ᠂ ᠬᠠᠷᠢᠴᠠᠯ ᠢ 2:1   ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃     ︵ᠳᠥᠷᠪᠡ︶ ᠨᠢᠭᠤᠷᠲᠠᠨ ᠰᠢᠯᠭᠠᠬᠤ     ᠨᠢᠭᠤᠷᠲᠠᠨ ᠰᠢᠯᠭᠠᠬᠤ ᠶᠢ ᠲᠤᠷᠰᠢᠨ ᠶᠠᠷᠢᠬᠤ ᠠᠷᠭ᠎ᠠ ᠪᠠᠷ ᠬᠢᠵᠦ᠂ ᠰᠦᠯᠵᠢᠶᠡᠨ ᠠᠴᠠ ᠭᠠᠳᠠᠭᠤᠷᠬᠢ ᠲᠤᠬᠠᠢ ᠶᠢᠨ ᠲᠠᠯᠠᠪᠤᠷ ᠤᠨ ᠬᠡᠯᠪᠡᠷᠢ ᠪᠠᠷ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃ ᠨᠢᠭᠤᠷᠲᠠᠨ ᠰᠢᠯᠭᠠᠬᠤ ᠳᠠᠷᠠᠭᠠᠯᠠᠯ ᠢᠶᠠᠷ ᠰᠢᠪᠠᠭ᠎ᠠ ᠰᠤᠭᠤᠯᠵᠤ ᠭᠠᠷᠭᠠᠨ᠎ᠠ᠂ ᠬᠢᠴᠢᠶᠡᠯ 20 ᠮᠢᠨᠦ᠋ᠲ ᠪᠡᠯᠡᠳᠬᠡᠵᠦ᠂ ᠨᠢᠭᠤᠷᠲᠠᠨ ᠰᠢᠯᠭᠠᠬᠤ ᠴᠠᠭ ᠢ 8 ᠮᠢᠨᠦ᠋ᠲ ᠤᠨ ᠳᠣᠲᠣᠷ᠎ᠠ ᠬᠢᠵᠠᠭᠠᠷᠯᠠᠵᠤ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠲᠤᠬᠠᠢ ᠶᠢᠨ ᠲᠠᠯᠠᠪᠤᠷ ᠲᠤ ᠨᠡᠶᠢᠲᠡᠯᠡᠨ᠎ᠡ᠃ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠳᠤ ᠬᠠᠮᠤᠭ ᠤᠨ ᠳᠣᠣᠷ᠎ᠠ ᠬᠢᠷᠢ ᠲᠡᠩᠴᠡᠬᠦ ᠬᠤᠪᠢ ᠶᠢᠨ ᠱᠤᠭᠤᠮ ᠢ 85 ᠬᠤᠪᠢ ᠲᠣᠬᠢᠷᠠᠭᠤᠯᠵᠤ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠳᠤ ᠠᠷᠪᠠᠲᠤ ᠶᠢᠨ ᠪᠤᠲᠠᠷᠬᠠᠢ ᠶᠢᠨ ᠴᠡᠭ ᠢ ᠦᠯᠡᠳᠡᠭᠡᠭᠰᠡᠨ ᠤ ᠳᠠᠷᠠᠭ᠎ᠠ ᠬᠤᠶᠠᠷ ᠠᠷᠪᠠᠲᠤ ᠶᠢᠨ ᠪᠤᠲᠠᠷᠬᠠᠢ ᠶᠢ ᠦᠯᠡᠳᠡᠭᠡᠨ᠎ᠡ᠂ ᠨᠢᠭᠤᠷᠲᠠᠨ ᠰᠢᠯᠭᠠᠯᠲᠠ ᠳᠤ ᠣᠷᠣᠯᠴᠠᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠬᠦ ᠬᠤᠪᠢ ᠶᠢᠨ ᠱᠤᠭᠤᠮ ᠳᠤ ᠭᠦᠷᠦᠭᠰᠡᠨ ᠪᠠᠶᠢᠪᠠᠯ᠂ ᠠᠵᠢᠯ ᠤᠨ ᠪᠠᠶᠢᠷᠢ ᠶᠢᠨ ᠣᠷᠣᠭᠤᠯᠤᠭᠰᠠᠨ ᠬᠥᠮᠥᠨ ᠤ ᠲᠤᠭ᠎ᠠ ᠶᠢ ᠦᠨᠳᠦᠰᠦᠯᠡᠨ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷᠠᠳᠤ ᠵᠡᠷᠭᠡ ᠶᠢᠨ ᠲᠤᠭ᠎ᠠ ᠶᠣᠰᠣᠭᠠᠷ ᠪᠡᠶ᠎ᠡ ᠶᠢᠨ ᠪᠠᠶᠢᠴᠠᠭᠠᠯᠲᠠ᠂ ᠰᠢᠯᠭᠠᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠴᠢ ᠶᠢ ᠲᠣᠭᠲᠠᠭᠠᠨ᠎ᠠ︔ ᠬᠡᠷᠪᠡ ᠠᠵᠢᠯ ᠤᠨ ᠪᠠᠶᠢᠷᠢ ᠶᠢᠨ ᠨᠢᠭᠤᠷᠲᠠᠨ ᠰᠢᠯᠭᠠᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠬᠦ ᠬᠤᠪᠢ ᠶᠢᠨ ᠱᠤᠭᠤᠮ ᠳᠤ ᠭᠦᠷᠦᠭᠰᠡᠨ ᠦᠭᠡᠢ ᠪᠠᠶᠢᠪᠠᠯ᠂ ᠲᠣᠰ ᠠᠵᠢᠯ ᠤᠨ ᠪᠠᠶᠢᠷᠢ ᠶᠢ ᠣᠷᠣᠭᠤᠯᠵᠤ ᠠᠪᠴᠢᠷᠠᠬᠤ ᠪᠠᠨ ᠪᠣᠯᠢᠨ᠎ᠠ᠃ ᠬᠢᠷᠢ ᠪᠦᠲᠦᠮᠵᠢ ᠶᠢ ᠵᠡᠷᠭᠡᠴᠡᠭᠦᠯᠦᠭᠰᠡᠨ ᠪᠠᠶᠢᠪᠠᠯ ᠵᠣᠬᠢᠶᠠᠨ ᠪᠠᠶᠢᠭᠤᠯᠵᠤ ᠨᠡᠮᠡᠵᠦ ᠰᠢᠯᠭᠠᠨ᠎ᠠ᠃ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ ᠪᠠ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠲᠤ ᠢᠯᠡ ᠨᠡᠶᠢᠲᠡᠯᠡᠨ᠎ᠡ᠃      ︵ᠲᠠᠪᠤ︶ ᠪᠡᠶ᠎ᠡ ᠶᠢᠨ ᠪᠠᠶᠢᠴᠠᠭᠠᠯᠲᠠ ᠵᠢᠴᠢ ᠪᠠᠶᠢᠴᠠᠭᠠᠯᠲᠠ ᠬᠢᠬᠦ      1. ᠪᠡᠶ᠎ᠡ ᠶᠢᠨ ᠪᠠᠶᠢᠴᠠᠭᠠᠯᠲᠠ ᠬᠢᠬᠦ᠄ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠢᠨ᠎ᠡ᠃ ᠪᠡᠶ᠎ᠡ ᠶᠢᠨ ᠪᠠᠶᠢᠴᠠᠭᠠᠯᠲᠠ ᠶᠢ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠬᠤᠷᠢᠶ᠎ᠠ ᠤᠯᠤᠰ ᠤᠨ ᠠᠯᠪᠠᠲᠠᠨ ᠤ ᠲᠣᠪᠴᠢᠶ᠎ᠠ ᠶᠢᠨ ︿ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠨᠡᠶᠢᠳᠡᠮ ᠬᠡᠷᠡᠭᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠵᠢᠴᠢ ︿ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭᠠᠨ ᠤ ᠭᠠᠷ ᠳᠡᠪᠲᠡᠷ ︵ᠲᠤᠷᠰᠢᠨ ᠬᠡᠷᠡᠭᠵᠢᠭᠦᠯᠬᠦ︶﹀ ᠤᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2016﹈ 140 ᠳ᠋ᠦᠭᠡᠷ ᠲᠣᠭᠠᠲᠤ︶ ᠵᠡᠷᠭᠡ ᠲᠣᠭᠲᠠᠭᠠᠯ ᠪᠠ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ ᠶᠠᠪᠤᠭᠳᠠᠭᠤᠯᠤᠨ᠎ᠠ᠃ ᠲᠣᠭᠲᠠᠭᠰᠠᠨ ᠴᠠᠭ᠂ ᠭᠠᠵᠠᠷ ᠣᠷᠣᠨ ᠳᠤ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠦᠭᠡᠢ ᠪᠠᠶᠢᠪᠠᠯ᠂ ᠥᠪᠡᠷ ᠢᠶᠠᠨ ᠬᠠᠶᠠᠭᠰᠠᠨ ᠢᠶᠠᠷ ᠦᠵᠡᠨ᠎ᠡ᠃ ᠪᠡᠶ᠎ᠡ ᠶᠢᠨ ᠪᠠᠶᠢᠴᠠᠭᠠᠯᠲᠠ ᠶᠢᠨ ᠳᠤᠮᠳᠠ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠵᠤ᠂ ᠦᠨᠡᠨ ᠪᠠᠶᠢᠳᠠᠯ ᠢ ᠨᠢ ᠨᠢᠭᠤᠨ ᠳᠠᠯᠳᠠᠯᠠᠭᠰᠠᠨ ᠬᠥᠮᠥᠰ ᠢ ᠡᠯᠰᠡᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ ᠲᠣᠭᠲᠠᠭᠠᠯ ᠶᠣᠰᠣᠭᠠᠷ ᠲᠠᠬᠢᠨ ᠪᠠᠶᠢᠴᠠᠭᠠᠬᠤ ᠴᠢᠬᠤᠯᠠᠲᠠᠢ ᠪᠠᠶᠢᠪᠠᠯ᠂ ᠪᠤᠰᠤᠳ ᠡᠮᠨᠡᠯᠭᠡ ᠶᠢᠨ ᠬᠤᠷᠢᠶ᠎ᠠ ᠳᠤ ᠵᠣᠬᠢᠶᠠᠨ ᠪᠠᠶᠢᠭᠤᠯᠤᠨ ᠨᠢᠭᠡ ᠤᠳᠠᠭ᠎ᠠ ᠲᠠᠬᠢᠨ ᠪᠠᠶᠢᠴᠠᠭᠠᠯᠭᠠᠵᠤ᠂ ᠲᠠᠬᠢᠨ ᠪᠠᠶᠢᠴᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠪᠠᠶᠢᠴᠠᠭᠠᠯᠲᠠ ᠬᠢᠬᠦ ᠭᠤᠭᠴᠤᠭ᠎ᠠ ᠳᠤ ᠣᠷᠣᠨ᠎ᠠ᠃     2. ᠪᠠᠶᠢᠴᠠᠭᠠᠯᠳᠠ ᠬᠢᠭᠦ᠄ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠢ 2 ᠬᠥᠮᠥᠨ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠰᠢᠯᠭᠠᠨ ᠪᠠᠶᠢᠴᠠᠭᠠᠬᠤ ᠠᠭᠤᠯᠭ᠎ᠠ ᠳᠤ ᠭᠤᠣᠯᠳᠠᠭᠤ ᠣᠷᠣᠭᠤᠯᠤᠨ ᠠᠪᠴᠢᠷᠠᠬᠤ ᠭᠡᠵᠦ ᠪᠠᠶᠢᠭ᠎ᠠ ᠴᠢᠳᠠᠪᠤᠷᠢᠲᠠᠨ ᠤ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ ᠬᠡᠪ ᠴᠢᠨᠠᠷ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠬᠤ ᠴᠢᠬᠤᠯᠠᠲᠠᠢ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠨ᠎ᠠ᠃ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠤᠲᠠᠰᠤ ᠪᠠᠷ ᠪᠠᠶᠢᠴᠠᠭᠠᠨ ᠰᠤᠷᠪᠤᠯᠵᠢᠯᠠᠬᠤ᠂ ᠵᠠᠬᠢᠳᠠᠯ ᠢᠶᠠᠷ ᠪᠠᠶᠢᠴᠠᠭᠠᠨ ᠯᠠᠪᠯᠠᠬᠤ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ᠂ ᠰᠢᠨᠵᠢᠯᠡᠨ ᠪᠠᠶᠢᠴᠠᠭᠠᠬᠤ ᠠᠵᠢᠯᠲᠠᠨ ᠲᠠᠢ ᠨᠢᠭᠤᠷᠲᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠠᠪᠬᠤ ᠶᠢᠨ ᠬᠠᠮᠲᠤ᠂ ᠰᠢᠨᠵᠢᠯᠡᠨ ᠪᠠᠶᠢᠴᠠᠭᠠᠭᠰᠠᠨ ᠪᠠᠶᠢᠳᠠᠯ ᠢᠶᠠᠨ ᠪᠢᠴᠢᠭ ᠢᠶᠠᠷ ᠮᠡᠳᠡᠭᠦᠯᠬᠦ ᠬᠡᠷᠡᠭᠲᠡᠢ᠃     ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠤᠶᠤ ᠡᠷᠬᠡ ᠪᠠᠨ ᠬᠠᠶᠠᠭᠰᠠᠨ  ᠠᠴᠠ ᠪᠣᠯᠵᠣ ᠬᠤᠭᠤᠰᠤᠨ ᠣᠷᠣᠨ ᠲᠤᠭ᠎ᠠ ᠭᠠᠷᠪᠠᠯ᠂ ᠰᠤᠳᠤᠯᠤᠭᠰᠠᠨ ᠤ ᠳᠠᠷᠠᠭ᠎ᠠ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠪᠠᠷ ᠥᠨᠳᠥᠷ ᠠᠴᠠ ᠳᠣᠣᠷ᠎ᠠ ᠲᠠᠰ ᠳᠠᠷᠠᠭᠠᠯᠠᠨ ᠠᠳᠠᠯᠢ ᠲᠤᠭ᠎ᠠ ᠪᠠᠷ ᠨᠥᠬᠦᠵᠦ᠂ ᠨᠢᠭᠡ ᠯᠡ ᠤᠳᠠᠭ᠎ᠠ ᠨᠦᠭᠦᠨ᠎ᠡ᠃     ︵ᠵᠢᠷᠭᠤᠭ᠎ᠠ︶ ᠢᠯᠡ ᠨᠡᠶᠢᠲᠡᠯᠡᠬᠦ     ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ ᠶᠢᠨ ᠦᠷ᠎ᠡ ᠳ᠋ᠦᠩ ᠢ ᠶᠡᠷᠦᠩᠬᠡᠶᠢᠯᠡᠨ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠵᠢᠱᠢᠭᠳᠡᠭᠴᠢ ᠶᠢᠨ ᠨᠡᠷᠡᠰ ᠢ ᠲᠣᠭᠲᠠᠭᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ ᠪᠠ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠲᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ ᠢᠯᠡ ᠨᠡᠶᠢᠲᠡᠯᠡᠬᠦ ᠬᠤᠭᠤᠴᠠᠭᠠᠨ ᠳᠤ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠭᠴᠢ ᠦᠨᠡᠨ ᠣᠪᠣᠭ ᠨᠡᠷ᠎ᠡ ᠪᠠᠷ ᠢᠶᠠᠨ ᠠᠰᠠᠭᠤᠳᠠᠯ   ᠢ ᠦᠨᠡᠨ   ᠢ ᠪᠠᠷᠢᠮᠲᠠᠯᠠᠨ ᠲᠤᠰᠬᠠᠬᠤ   ᠶᠢᠨ ᠬᠠᠮᠲᠤ ᠴᠢᠬᠤᠯᠠ ᠪᠦᠬᠦᠢ ᠪᠠᠶᠢᠴᠠᠭᠠᠯᠲᠠ   ᠶᠢᠨ ᠰᠦᠪᠡᠭᠴᠢ   ᠶᠢ ᠬᠠᠩᠭᠠᠬᠤ ᠬᠡᠷᠡᠭᠲᠡᠢ᠃ ᠬᠦᠨᠳᠦ ᠨᠣᠴᠢᠲᠠᠢ ᠠᠰᠠᠭᠤᠳᠠᠯ ᠲᠠᠢ ᠪᠥᠭᠡᠳ ᠪᠣᠳᠠᠲᠤ ᠪᠠᠷᠢᠮᠲᠠ ᠲᠠᠢ ᠨᠢ ᠭᠠᠳᠠᠭᠠᠳᠤ ᠠᠴᠠ ᠣᠷᠣᠭᠤᠯᠬᠤ ᠬᠢᠷᠢ ᠬᠡᠮ ᠢ ᠨᠢ ᠬᠠᠰᠤᠨ᠎ᠠ; ᠬᠦᠨᠳᠦ ᠨᠣᠴᠢᠲᠠᠢ ᠠᠰᠠᠭᠤᠳᠠᠯ ᠲᠠᠢ ᠪᠣᠯᠪᠠᠴᠤ ᠲᠤᠶᠢᠷ ᠴᠠᠭ ᠪᠠᠶᠢᠴᠠᠭᠠᠨ ᠲᠣᠳᠣᠯᠠᠬᠤ ᠳᠤ ᠪᠡᠷᠬᠡᠲᠡᠢ ᠪᠤᠶᠤ ᠦᠭᠡᠶᠢᠰᠬᠡᠬᠦ ᠳᠤ ᠪᠡᠷᠬᠡᠲᠡᠢ ᠪᠠᠶᠢᠪᠠᠯ᠂ ᠭᠠᠳᠠᠭᠠᠳᠤ ᠠᠴᠠ ᠣᠷᠣᠭᠤᠯᠬᠤ ᠶᠢ ᠲᠤᠶᠢᠷ ᠬᠤᠶᠢᠰᠢᠯᠠᠭᠤᠯᠵᠤ᠂ ᠪᠠᠶᠢᠴᠠᠭᠠᠨ ᠲᠣᠳᠣᠯᠠᠬᠤ ᠶᠢᠨ ᠬᠠᠮᠲᠤ ᠳ᠋ᠦᠩᠨᠡᠯᠲᠡ ᠭᠠᠷᠭᠠᠭᠰᠠᠨ ᠤ ᠲᠡᠷᠠᠭ᠎ᠠ ᠭᠠᠳᠠᠭᠠᠳᠤ ᠠᠴᠠ ᠣᠷᠣᠭᠤᠯᠬᠤ ᠡᠰᠡᠬᠦ ᠪᠠᠨ ᠲᠡᠬᠢᠠ ᠲᠣᠭᠲᠠᠭᠠᠨ᠎ᠠ᠃     ︵ᠳᠣᠯᠤᠭ᠎ᠠ︶ ᠤᠷᠢᠨ ᠬᠡᠷᠡᠭᠯᠡᠬᠦ ᠶᠢ ᠭᠦᠢᠴᠡᠳᠬᠡᠨ᠎ᠡ      ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠣ ᠰᠠᠨᠠᠯ ᠦᠭᠡᠢ ᠪᠠᠶᠢᠪᠠᠯ᠂ ᠠᠵᠢᠯᠲᠠᠨ ᠤ ᠶᠠᠪᠤᠳᠠᠯ ᠤᠨ ᠣᠷᠣᠨ ᠲᠤᠭ᠎ᠠ ᠶᠢᠨ ᠭᠠᠷ ᠭᠦᠢᠴᠡᠳᠬᠡᠯ ᠬᠢᠨ᠎ᠡ᠃      ᠲᠦᠷᠪᠡ᠂ ᠪᠣᠰᠣᠳ ᠵᠦᠢᠯ     ︵ᠨᠢᠭᠡ︶ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠣᠯᠭᠤᠮᠵᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠲᠣᠭᠲᠠᠭᠠᠨ᠎ᠠ᠃      ︵ᠬᠤᠶᠠᠷ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠦᠢᠯᠡᠴᠢᠯᠡᠭᠡᠨ ᠤ ᠨᠠᠭᠠᠲᠤ ᠵᠠᠬ᠎ᠠ ᠶᠢᠨ ᠵᠢᠯ ᠬᠤᠭᠤᠴᠠᠭ᠎ᠠ ᠨᠢ 5 ᠵᠢᠯ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠲᠠᠨ᠎ᠠ︶ ᠪᠠᠶᠢᠵᠤ᠂ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠬᠡᠪᠰᠢᠭᠰᠡᠨ ᠬᠠᠮᠢᠶᠠᠷᠤᠯᠲᠠ ᠳᠤ ᠣᠷᠣᠭᠤᠯᠤᠨ᠎ᠠ᠃ ᠦᠢᠯᠡᠴᠢᠯᠡᠭᠡᠨ ᠤ ᠬᠤᠭᠤᠴᠠᠭᠠᠨ ᠳᠤ ᠲᠤᠰᠢᠶᠠᠯ ᠠᠴᠠ ᠪᠠᠨ ᠪᠠᠭᠤᠭᠰᠠᠨ ᠤ ᠳᠠᠷᠠᠭ᠎ᠠ ᠳᠠᠬᠢᠨ ᠣᠷᠣᠭᠤᠯᠵᠤ ᠠᠪᠴᠢᠷᠠᠬᠤ ᠬᠡᠯᠪᠡᠷᠢ ᠪᠠᠷ ᠬᠤᠲᠠ ᠶᠢᠨ ᠪᠤᠰᠤᠳ ᠠᠵᠢᠯ ᠦᠢᠯᠡᠰ ᠤᠨ ᠨᠢᠭᠡᠴᠡ ᠳᠤ ᠣᠷᠣᠭᠤᠯᠵᠤ ᠪᠣᠯᠬᠤ ᠦᠭᠡᠢ᠃ ᠦᠢᠯᠡᠴᠢᠯᠡᠭᠡᠨ ᠤ ᠬᠤᠭᠤᠴᠠᠭᠠᠨ ᠳᠤ ᠵᠣᠬᠢᠶᠠᠨ ᠪᠠᠶᠢᠭᠤᠯᠤᠯᠲᠠ   ᠠᠴᠠ ᠲᠣᠬᠢᠷᠠᠭᠤᠯᠤᠯᠲᠠ ᠬᠢᠬᠦ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠰᠢᠯᠵᠢᠭᠦᠯᠬᠦ᠂ ᠵᠢᠭᠡᠯᠡᠨ ᠰᠢᠯᠵᠢᠭᠦᠯᠬᠦ᠂ ᠠᠵᠢᠯ ᠤᠨ ᠪᠠᠶᠢᠷᠢ   ᠠᠴᠠ ᠪᠠᠨ ᠤᠷᠢᠳᠴᠢᠯᠠᠨ ᠰᠠᠯᠵᠤ ᠬᠤᠲᠠ   ᠶᠢᠨ ᠪᠤᠰᠤᠳ ᠠᠵᠢᠯ ᠦᠢᠯᠡᠰ ᠤᠨ ᠨᠢᠭᠡᠴᠡ ᠳᠤ ᠣᠴᠢᠬᠤ   ᠶᠢ ᠵᠥᠪᠰᠢᠶᠡᠷᠡᠬᠦ ᠦᠭᠡᠢ᠃ ᠵᠦᠢ ᠶᠣᠰᠣᠨ ᠤ ᠰᠢᠯᠲᠠᠭᠠᠨ ᠦᠭᠡᠢ ᠪᠠᠷ ᠬᠠᠶᠠᠭᠰᠠᠨ ᠪᠤᠶᠤ ᠬᠠᠮᠤᠭ ᠤᠨ ᠳᠣᠣᠷ᠎ᠠ ᠦᠢᠯᠡᠴᠢᠯᠡᠭᠡᠨ ᠤ ᠬᠤᠭᠤᠴᠠᠭ᠎ᠠ ᠶᠢ ᠭᠦᠢᠴᠡᠳᠬᠡᠬᠦ ᠦᠭᠡᠢ ᠪᠠᠶᠢᠪᠠᠯ᠂ ᠤᠷᠢᠨ ᠬᠡᠷᠡᠭᠯᠡᠬᠦ ᠭᠡᠷ᠎ᠡ ᠶᠢ ᠬᠦᠴᠦᠨ ᠦᠭᠡᠢ ᠪᠣᠯᠭᠠᠬᠤ ᠶᠢᠨ ᠬᠠᠮᠲᠤ ᠲᠣᠰ ᠬᠥᠮᠥᠨ ᠤ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠢ᠃     ︵ᠭᠤᠷᠪᠠ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠲᠤᠷᠰᠢᠨ ᠬᠡᠷᠡᠭᠯᠡᠬᠦ ᠬᠤᠭᠤᠴᠠᠭ᠎ᠠ ᠶᠢᠨ ᠳᠦᠷᠢᠮ ᠢ ᠬᠡᠷᠡᠭᠵᠢᠭᠦᠯᠦᠨ᠎ᠡ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠨᠢ ᠠᠩᠬ᠎ᠠ ᠤᠳᠠᠭ᠎ᠠ ᠠᠵᠢᠯ ᠣᠯᠣᠭᠰᠠᠨ ᠳᠤ ᠲᠣᠭᠠᠴᠠᠭᠳᠠᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ 12 ᠰᠠᠷ᠎ᠠ ᠪᠣᠯᠣᠨ᠎ᠠ︔ ᠪᠤᠰᠤᠳ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠤ ᠲᠤᠷᠰᠢᠨ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ 3 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠂ ᠣᠨᠴᠠᠭᠠᠶ ᠪᠠᠶᠢᠳᠠᠯ ᠲᠠᠢ ᠪᠣᠯ ᠤᠷᠲᠤᠳᠬᠠᠵᠤ ᠪᠣᠯᠣᠨ᠎ᠠ᠂ ᠭᠡᠪᠡᠴᠦ ᠬᠠᠮᠤᠭ ᠤᠨ ᠤᠷᠳᠤ ᠳᠠᠭᠠᠨ 6 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃ ᠲᠤᠷᠰᠢᠨ ᠬᠡᠷᠡᠭᠯᠡᠬᠦ ᠬᠤᠭᠤᠴᠠᠭ᠎ᠠ ᠶᠢ ᠤᠷᠢᠵᠤ ᠬᠡᠷᠡᠭᠯᠡᠬᠦ ᠭᠡᠷ᠎ᠡ ᠶᠢᠨ ᠬᠤᠭᠤᠴᠠᠭᠠᠨ ᠳᠤ ᠪᠠᠭᠲᠠᠭᠠᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠵᠢᠩᠬᠢᠨᠢ ᠪᠠᠷ ᠤᠷᠢᠵᠤ ᠬᠡᠷᠡᠭᠯᠡᠨ᠎ᠡ︔ ᠬᠢᠷᠢ ᠲᠡᠩᠴᠡᠭᠰᠡᠨ ᠦᠭᠡᠢ ᠪᠠᠶᠢᠪᠠᠯ᠂ ᠤᠷᠢᠨ ᠬᠡᠷᠡᠭᠯᠡᠬᠦ ᠶᠢ ᠬᠦᠴᠦᠨ ᠦᠭᠡᠢ ᠪᠣᠯᠭᠠᠨ᠎ᠠ᠃      ᠲᠠᠪᠤ᠂ ᠰᠠᠬᠢᠯᠭ᠎ᠠ ᠪᠠᠳᠣ ᠬᠢᠭᠡᠳ ᠬᠢᠨᠠᠨ ᠪᠠᠶᠢᠴᠠᠭᠠᠯᠳᠠ    ︵ᠨᠢᠭᠡ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠳᠤ ᠪᠥᠬᠦ ᠶᠠᠪᠤᠴᠠ ᠳᠤ ᠬᠢᠨᠠᠯᠲᠠ ᠲᠠᠯᠪᠢᠬᠤ ᠳᠦᠷᠢᠮ ᠢ ᠬᠡᠷᠡᠭᠵᠢᠭᠦᠯᠦᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠬᠤᠭᠤᠴᠠᠭᠠᠨ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠪᠥᠬᠦ ᠶᠠᠪᠤᠴᠠ ᠶᠢᠨ ᠬᠢᠨᠠᠯᠲᠠ ᠶᠢ ᠬᠦᠯᠢᠶᠡᠨ᠎ᠡ᠃ ᠠᠵᠢᠯᠲᠠᠨ ᠪᠠ ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ ᠲᠣᠰ ᠤᠳᠠᠭᠠᠨ ᠤ ᠣᠷᠣᠭᠤᠯᠤᠨ ᠠᠪᠴᠢᠷᠠᠬᠤ ᠠᠵᠢᠯ ᠤᠨ ᠳᠤᠮᠳᠠᠬᠢ ᠰᠠᠬᠢᠯᠭ᠎ᠠ ᠪᠠᠲᠤ ᠳᠦᠷᠢᠮ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠳᠤ᠂ ︽ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠨ ᠬᠡᠷᠡᠭᠯᠡᠭᠰᠡᠨ ᠰᠠᠬᠢᠯᠭ᠎ᠠ ᠪᠠᠲᠤ ᠳᠦᠷᠢᠮ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠪᠦᠷᠢᠯᠡᠬᠦ ᠲᠣᠭᠲᠠᠭᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 35 ᠳ᠋ᠤᠭᠠᠷ ᠲᠣᠭᠠᠲᠤ ᠵᠠᠷᠯᠢᠭ︶ ᠶᠣᠰᠣᠭᠠᠷ ᠬᠡᠷᠡᠭᠵᠢᠭᠦᠯᠦᠨ᠎ᠡ᠃     ︵ᠬᠤᠶᠠᠷ︶ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠨᠠᠶᠢᠳᠠᠪᠤᠷᠢᠵᠢᠭᠤᠯᠤᠨ᠎ᠠ᠃ ︽ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠲᠦᠷ ᠬᠡᠷᠡᠭᠵᠢᠭᠦᠯᠬᠦ ᠲᠣᠭᠲᠠᠭᠠᠯ︾ ︵ᠠᠵᠢᠯᠲᠠᠨ ᠤ ᠶᠠᠪᠤᠳᠠᠯ ᠤᠨ ᠶᠠᠮᠤᠨ ᠤ ᠵᠠᠷᠯᠢᠭ 6 ᠳ᠋ᠤᠭᠠᠷ ᠲᠣᠭᠠᠲᠤ︶ ᠪᠣᠯᠣᠨ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠵᠠᠶᠢᠯᠠᠬᠤ ᠲᠣᠭᠲᠠᠭᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠣᠭᠲᠠᠭᠠᠯ ﹇2019﹈ 1 ᠳ᠋ᠦᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠠᠷᠢᠮᠵᠢᠶ᠎ᠠ ᠶᠢᠨ ᠨᠥᠬᠦᠴᠡᠯ ᠢ ᠪᠠᠷᠢᠮᠲᠠᠯᠠᠨ᠂ ᠠᠵᠢᠯᠯᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠃ ᠮᠡᠳᠡᠭᠡ ᠵᠠᠩᠭᠢ ᠶᠢ ᠢᠯᠡ ᠪᠣᠯᠭᠠᠬᠤ᠂ ᠶᠠᠪᠤᠴᠠ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ ᠪᠡᠶᠡᠯᠡᠭᠦᠯᠵᠦ᠂ ᠨᠡᠶᠢᠭᠡᠮ ᠪᠠ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠃ ︽ᠬᠡᠨ ᠬᠢᠨᠠᠨ ᠪᠠᠶᠢᠴᠠᠭᠠᠪᠠᠯ ᠲᠡᠷᠡ ᠬᠠᠷᠢᠭᠤᠴᠠᠬᠤ︾ ᠱᠠᠭᠠᠷᠳᠠᠯᠭ᠎ᠠ ᠶᠣᠰᠣᠭᠠᠷ᠂ ᠬᠢᠷᠢ ᠬᠡᠮ ᠤᠨ ᠬᠢᠨᠠᠨ ᠪᠠᠶᠢᠴᠠᠭᠠᠯᠲᠠ ᠴᠢᠩᠭ᠎ᠠ ᠪᠢᠰᠢ ᠠᠴᠠ ᠪᠣᠯᠵᠤ ᠭᠠᠷᠤᠭᠰᠠᠨ ᠠᠰᠠᠭᠤᠳᠠᠯ ᠢ ᠣᠯᠵᠤ ᠮᠡᠳᠡᠮᠡᠭᠴᠡ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ︵ᠭᠤᠷᠪᠠ︶ ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠳᠦᠷᠢᠮ᠃ ᠪᠡᠶ᠎ᠡ ᠶᠢᠨ ᠪᠠᠶᠢᠴᠠᠭᠠᠯᠲᠠ ᠶᠢᠨ ᠵᠠᠩᠭᠢᠯᠠᠭ᠎ᠠ ᠳᠤ ᠣᠷᠣᠭᠰᠠᠨ ᠤ ᠳᠠᠷᠠᠭ᠎ᠠ ᠰᠢᠯᠭᠠᠯᠲᠠ ᠳᠤ ᠨᠡᠷ᠎ᠡ ᠮᠡᠳᠡᠭᠦᠯᠬᠦ ᠪᠠᠨ ᠪᠣᠯᠢᠭᠰᠠᠨ ᠬᠥᠮᠥᠨ ᠢ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠬᠡᠷᠪᠡ ᠰᠢᠯᠭᠠᠯᠲᠠ ᠳᠤ ᠣᠷᠣᠯᠠᠨ ᠰᠢᠯᠭᠠᠭᠤᠯᠬᠤ᠂ ᠬᠡᠮ ᠦᠢᠯᠡᠳᠬᠦ ᠵᠡᠷᠭᠡ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠢ ᠪᠣᠯᠭᠠᠵᠤ᠂ ᠢᠯᠭᠠᠷᠠᠭᠤᠯᠤᠨ ᠪᠤᠴᠠᠭᠠᠬᠤ ᠶᠢᠨ ᠬᠠᠮᠲᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠭᠰᠡᠨ ᠤ ᠳᠠᠷᠠᠭ᠎ᠠ ᠭᠤᠷᠪᠠᠨ ᠵᠢᠯ ᠤᠨ ᠳᠣᠲᠣᠷ᠎ᠠ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠲᠤᠰᠬᠠᠢ ᠲᠥᠷᠥᠯ ᠤᠨ ᠠᠵᠢᠯᠲᠠᠨ ᠡᠯᠰᠡᠬᠦ ᠰᠢᠯᠭᠠᠯᠲᠠ ᠳᠤ ᠣᠷᠣᠯᠴᠠᠵᠤ ᠪᠣᠯᠬᠤ ᠦᠭᠡᠢ᠃     ︵ᠳᠥᠷᠪᠡ︶ ᠪᠥᠬᠦ ᠶᠠᠪᠤᠴᠠ ᠶᠢ ᠬᠢᠨᠠᠨ ᠪᠠᠶᠢᠴᠠᠭᠠᠬᠤ ᠳᠦᠷᠢᠮ᠃ ᠰᠢᠯᠭᠠᠭᠤᠯᠤᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠢ ᠣᠷᠣᠭᠤᠯᠤᠨ ᠠᠪᠴᠢᠷᠠᠬᠤ ᠠᠵᠢᠯ ᠤᠨ ᠪᠥᠬᠦ ᠶᠠᠪᠤᠴᠠ ᠳᠤ ᠲᠦᠦᠱᠯᠠᠭᠤᠯᠵᠤ᠂ ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠢ ᠶᠠᠮᠠᠷᠪᠠ ᠭᠤᠭᠴᠤᠭ᠎ᠠ ᠳᠤ ᠣᠯᠵᠤ ᠮᠡᠳᠡᠪᠡᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠤᠷᠢᠵᠤ ᠬᠡᠷᠡᠭᠯᠡᠬᠦ ᠬᠢᠷᠢ ᠬᠡᠮ ᠢ ᠨᠢ ᠲᠡᠷᠡ ᠳᠠᠷᠤᠢ ᠳᠤᠨᠢ ᠬᠦᠴᠦᠨ ᠦᠭᠡᠢ ᠪᠣᠯᠭᠠᠨ᠎ᠠ᠃ ᠲᠣᠭᠲᠠᠭᠠᠯ   ᠠᠴᠠ ᠵᠥᠷᠢᠴᠡᠭᠰᠡᠨ ᠨᠢᠭᠡᠨᠲᠡ ᠤᠷᠢᠭᠳᠠᠭᠰᠠᠨ ᠬᠥᠮᠥᠰ ᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠤᠷᠢᠵᠤ ᠬᠡᠷᠡᠭᠯᠡᠬᠦ ᠭᠡᠷ᠎ᠡ   ᠶᠢ ᠬᠦᠴᠦᠨ ᠦᠭᠡᠢ ᠪᠣᠯᠭᠠᠵᠤ᠂ ᠢᠯᠭᠠᠷᠠᠭᠤᠯᠤᠨ ᠪᠤᠴᠠᠭᠠᠵᠤ᠂ ᠬᠤᠭᠤᠰᠤᠨ ᠠᠵᠢᠯ ᠤᠨ ᠪᠠᠶᠢᠷᠢ ᠳᠤ ᠳᠠᠭᠢᠵᠤ ᠨᠥᠬᠦᠵᠦ ᠥᠭᠬᠦ ᠦᠭᠡᠢ᠃      ︵ᠲᠠᠪᠤ︶ ᠬᠢᠵᠦ ᠳᠠᠭᠤᠰᠤᠭᠠᠳᠤᠢ ᠵᠦᠢᠯᠡᠰ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠤ 2025 ᠣᠨ ᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ   ᠠᠴᠠ ᠬᠠᠷᠢᠭᠤᠴᠠᠨ ᠲᠠᠶᠢᠯᠪᠤᠷᠢᠯᠠᠨ᠎ᠠ᠃     ︵ᠵᠢᠷᠭᠤᠭ᠎ᠠ︶ ᠠᠰᠠᠭᠤᠨ ᠯᠠᠪᠯᠠᠬᠤ ᠤᠲᠠᠰᠤ᠄ 0472 ︱ 5311003 5311015     ︵ᠳᠣᠯᠤᠭ᠎ᠠ︶ ᠬᠢᠨᠠᠯᠲᠠ ᠲᠠᠯᠪᠢᠬᠤ ᠤᠲᠠᠰᠤ᠄ 0472 ︱ 5305592 ᠳᠠᠭᠠᠯᠳᠤᠭᠤᠯᠤᠯ᠄ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠬᠠᠪᠤᠷ ᠤᠨ ᠤᠯᠠᠷᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠣᠷᠣᠭᠤᠯᠤᠨ ᠠᠪᠴᠢᠷᠠᠬᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠦᠰᠦᠨᠦᠭᠲᠦ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠣᠷᠣᠭᠤᠯᠤᠨ ᠠᠪᠴᠢᠷᠠᠬᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠤ ᠨᠡᠷ᠎ᠡ ᠮᠡᠳᠡᠭᠦᠯᠬᠦ ᠬᠦᠰᠦᠨᠦᠭᠲᠦ ︵ᠤᠭ ᠵᠣᠬᠢᠶᠠᠯ ᠢ ᠤᠩᠰᠢᠵᠤ ᠪᠠᠭᠤᠯᠭᠠᠨ᠎ᠠ︶         ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2025 ᠣᠨ ᠤ ᠳᠡᠭᠡᠳᠦ ᠲᠠᠰ ᠳᠠᠪᠬᠤᠷᠭ᠎ᠠ ᠪᠠ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ                                       2025 ᠣᠨ ᠤ 3 ᠰᠠᠷ᠎ᠠ ᠶᠢᠨ 6 ᠤ ᠡᠳᠦᠷ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号