ᠴᠣᠬᠤᠯᠠᠪᠤᠷᠢ᠄ 2 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠨ ᠠᠬᠢᠭᠤᠯᠬᠤ | ᠬᠤᠷᠠᠯ ᠬᠤᠷᠠᠯᠳᠤᠭᠰᠠᠨ ᠤ ᠳᠠᠷᠠᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠠᠷᠯᠢᠭ | ᠰᠣᠨᠣᠰᠤᠭᠰᠠᠭᠠᠷ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ︽ᠡᠬᠢᠯᠡᠯᠲᠡ ᠶᠢᠨ | ᠬᠤᠷᠳᠤᠴᠠ ᠪᠠᠨ ᠲᠦᠷᠭᠡᠳᠬᠡᠵᠦ᠂ ᠡᠬᠢᠯᠡᠯᠲᠡ ᠶᠢᠨ ᠬᠤᠷᠳᠤᠴᠠ ᠪᠠᠨ ᠰᠢᠢᠳᠪᠦᠷᠢᠲᠦ ᠪᠠᠶᠢᠯᠳᠤᠭᠠᠨ ᠬᠢᠬᠦ︾ ᠴᠤᠭ | ᠪᠠᠳᠠᠷᠠᠩᠭᠤᠢ ᠲᠡᠮᠡᠴᠡᠯ ᠤᠨ ᠵᠣᠷᠢᠭ ᠢᠶᠠᠷ᠂ ᠨᠢᠭᠡ ᠲᠥᠷᠥᠯ ᠵᠦᠢᠯ ᠨᠢᠭᠡ ᠲᠥᠷᠥᠯ ᠵᠦᠢᠯ ᠢᠶᠠᠷ ︽ᠬᠠᠪᠤᠷ︾ ᠤᠨ | ᠬᠤᠷᠳᠤᠴᠠ ᠶᠢ ᠲᠦᠷᠭᠡᠳᠬᠡᠵᠦ᠂ ︽ᠮᠣᠭᠠᠢ︾ ᠵᠢᠯ ᠢ ᠠᠮᠵᠢᠨ ᠣᠷᠣᠭᠰᠢᠯᠠᠵᠣ᠂ ᠡᠨᠡ ᠵᠢᠯ ᠤᠨ ᠰᠢᠨ᠎ᠡ ᠪᠠᠷ | ᠪᠠᠶᠢᠭᠤᠯᠤᠭᠰᠠᠨ 47 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ ᠤᠨ | ᠨᠢᠭᠡᠳᠦᠭᠡᠷ ᠤᠯᠠᠷᠢᠯ ᠳᠤ 24 ᠲᠥᠷᠥᠯ ᠵᠦᠢᠯ ᠤᠨ ᠠᠵᠢᠯ ᠡᠬᠢᠯᠡᠭᠦᠯᠵᠦ᠂ ᠦᠯᠡᠳᠡᠭᠰᠡᠨ 4 ᠰᠠᠷ᠎ᠠ ᠳᠤ ᠠᠵᠢᠯ | ᠡᠬᠢᠯᠡᠭᠦᠯᠬᠦ ᠶᠢ ᠯᠠᠪᠲᠠᠢ ᠪᠠᠳᠣᠯᠠᠬᠤ ᠪᠠᠷ ᠮᠡᠷᠡᠶᠢᠵᠣ ᠪᠣᠢ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ | ᠠᠵᠤ ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠰᠡᠨ ᠲᠦᠷᠦᠯ ᠵᠦᠢᠯ | | | | ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ | ᠨᠢᠭᠡᠳᠦᠭᠡᠷ ᠬᠤᠭᠤᠴᠠᠭᠠᠨ ᠤ ᠲᠦᠷᠦᠯ ᠵᠦᠢᠯ | ᠶᠡᠷᠦᠩᠬᠡᠢ ᠪᠡᠯᠡ ᠣᠷᠣᠭᠤᠯᠤᠯᠲᠠ᠄ 2 ᠳ᠋ᠦᠩᠰᠢᠭᠤᠷ ᠲᠥᠭᠦᠷᠢᠭ᠃ | ᠪᠦᠲᠦᠭᠡᠨ ᠪᠠᠶᠢᠭᠤᠯᠬᠤ ᠠᠭᠤᠯᠭ᠎ᠠ᠄ ᠣᠯᠠᠨ ᠲᠥᠷᠥᠯ ᠤᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ ᠤ ᠲᠥᠷᠥᠯ ᠵᠦᠢᠯ ᠤᠨ ᠢᠵᠢ ᠪᠦᠷᠢᠳᠦᠭᠦᠯᠦᠭᠰᠡᠨ ᠪᠠᠷᠢᠮᠵᠢᠶᠠᠲᠤ ᠦᠢᠯᠡᠳᠪᠦᠷᠢ ᠶᠢᠨ ᠭᠡᠷ | ᠪᠠᠶᠢᠰᠢᠩ᠂ ᠰᠤᠳᠤᠯᠤᠨ ᠨᠡᠭᠡᠭᠡᠬᠦ ᠲᠥᠪ ᠵᠢᠴᠢ ᠨᠡᠶᠢᠲᠡ ᠶᠢᠨ ᠪᠠ ᠲᠤᠰᠠᠯᠠᠬᠤ ᠪᠡᠯᠡᠳᠬᠡᠮᠵᠢ ᠶᠢ ᠪᠦᠲᠦᠭᠡᠨ | ᠪᠠᠶᠢᠭᠤᠯᠤᠨ᠎ᠠ᠃ | ᠲᠡᠷᠢᠭᠦᠨ ᠤ ᠴᠢᠨᠠᠷ᠄ ᠲᠣᠰ ᠲᠥᠷᠥᠯ ᠵᠦᠢᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠨᠢ | ᠰᠢᠶᠠᠮᠧᠨ ᠤ ᠱᠢ ᠲᠦᠸᠧ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ | ᠬᠦᠷᠢᠶᠡᠯᠡᠩ ᠤᠨ ᠲᠡᠷᠢᠭᠦᠨ ᠤ ᠲᠤᠷᠰᠢᠯᠭ᠎ᠠ ᠪᠠᠷ ᠭᠦᠢᠴᠡᠳ ᠲᠣᠯᠢ ᠪᠣᠯᠭᠠᠵᠤ᠂ ᠡᠯ᠎ᠡ ᠭᠤᠣᠯᠳᠠᠯᠭ᠎ᠠ ᠲᠠᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ ᠰᠠᠨᠠᠯ ᠢ ᠭᠦᠢᠴᠡᠳ ᠬᠤᠷᠢᠶᠠᠵᠤ᠂ ᠣᠯᠠᠨ | ᠲᠥᠷᠥᠯ ᠤᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠢᠵᠢ | ᠪᠦᠷᠢᠳᠦᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠠᠮᠢᠳᠤᠷᠠᠯ ᠢ | ᠢᠵᠢ ᠪᠦᠷᠢᠳᠦᠭᠦᠯᠬᠦ ᠶᠢ ᠨᠢᠭᠡ ᠴᠣᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠲᠤᠰᠬᠠᠶᠢᠵᠢᠭᠰᠠᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ | ᠲᠤᠰ ᠲᠦᠷᠦᠯ ᠵᠦᠢᠯ ᠨᠢ 2 ᠰᠠᠷ᠎ᠠ ᠶᠢᠨ 25 ᠤ ᠡᠳᠦᠷ ᠠᠵᠢᠯ ᠢᠶᠠᠨ ᠡᠬᠢᠯᠡᠭᠦᠯᠵᠡᠢ᠃ | | | ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ | ᠢᠵᠢ ᠪᠦᠷᠢᠳᠦᠭᠰᠡᠨ ᠲᠦᠷᠦᠯ ᠵᠦᠢᠯ ᠤᠨ ᠠᠬᠤᠢ ᠲᠠᠯᠠᠪᠠᠢ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ | ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠬᠦ ᠲᠥᠷᠥᠯ ᠵᠦᠢᠯ ᠪᠣᠯ ︽ᠬᠤᠶᠠᠷ | ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠴᠢᠬᠤᠯᠠ ᠠᠴᠢᠶᠠᠯᠠᠪᠤᠷᠢ ᠪᠣᠯᠣᠨ᠎ᠠ᠃ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠦᠢᠯᠡᠳᠬᠦ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠬᠢᠷᠢ | ᠬᠡᠮᠵᠢᠶ᠎ᠡ ᠪᠠᠷ ᠥᠨᠳᠥᠷ᠂ ᠦᠢᠯᠡᠳᠪᠦᠷᠢ ᠶᠢᠨ ᠭᠡᠷ ᠪᠠᠶᠢᠰᠢᠩ ᠤᠨ ᠢᠵᠢ ᠪᠦᠷᠢᠳᠦᠭᠦᠯᠬᠦ ᠬᠡᠷᠡᠭᠴᠡᠭᠡ ᠱᠠᠭᠠᠷᠳᠠᠯᠭ᠎ᠠ ᠪᠠᠷ | ᠴᠢᠩᠭ᠎ᠠ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠲᠥᠪᠯᠡᠷᠡᠨ ᠬᠥᠭᠵᠢᠬᠦ ᠳᠤ ᠪᠠᠲᠤ ᠪᠠᠬᠢ ᠰᠠᠭᠤᠷᠢ ᠶᠢ | ᠲᠠᠯᠪᠢᠵᠤ᠂ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠳᠠᠪᠠᠭᠤᠯᠢᠭ | ᠪᠥᠭᠡᠮᠨᠡᠷᠡᠯ ᠢ ᠪᠣᠶᠢᠵᠢᠭᠤᠯᠬᠤ ᠪᠠ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠪᠦᠲᠦᠮᠵᠢᠲᠡᠶ ᠠᠬᠢᠭᠤᠯᠪᠠ᠃ |