3 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠬᠤᠲᠠ ᠶᠢᠨ ᠠᠵᠢᠯᠲᠠᠨ ᠠᠵᠢᠯᠴᠢᠨ ᠤ | ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠨᠢᠭᠡᠳᠦᠭᠡᠷ | ᠠᠵᠢᠯᠴᠢᠨ ᠤ ᠰᠣᠶᠣᠯ ᠤᠨ ᠣᠷᠳᠣᠨ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠠᠩᠬᠠᠨ ᠤ ᠤᠷᠤᠯᠳᠤᠭᠠᠨ᠂ | ᠬᠤᠶᠠᠳᠠᠬᠢ ᠤᠷᠤᠯᠳᠤᠭᠠᠨ ᠤ ᠴᠢᠩᠭ᠎ᠠ ᠰᠢᠯᠭᠠᠷᠠᠭᠤᠯᠤᠯᠲᠠ ᠪᠠᠷ ᠳᠡᠮᠵᠢᠨ᠂ ᠤᠯᠠᠨᠪᠤᠯᠠᠭ ᠪᠠᠯᠭᠠᠰᠤᠨ ᠤ ᠠᠵᠢᠯᠴᠢᠨ ᠤ | ᠡᠪᠯᠡᠯ ᠤᠨ ᠬᠤᠯᠪᠣᠭᠠᠲᠤ ᠬᠤᠷᠠᠯ ᠤᠨ ᠠᠵᠢᠯᠲᠠᠨ ᠯᠢᠶᠠᠩ ᠰᠢᠤᠢ ᠤᠷᠤᠯᠳᠤᠭᠠᠨ ᠳᠤ ᠣᠷᠣᠯᠴᠠᠭᠰᠠᠨ 40 | ᠬᠦᠮᠦᠨ ᠤ ᠳᠣᠲᠣᠷ᠎ᠠ ᠠᠴᠠ ᠴᠣᠯᠭᠤᠷᠠᠨ ᠭᠠᠷᠴᠤ᠂ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠪᠡ᠃ | ᠲᠤᠰ ᠤᠳᠠᠭ᠎ᠠ ᠶᠢᠨ ᠤᠷᠤᠯᠳᠤᠭᠠᠨ ᠤ ᠵᠣᠷᠢᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠶᠡᠷᠦᠩᠬᠡᠢ | ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ︽ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠲᠥᠪ ᠤᠨ ᠤᠬᠠᠭᠤᠯᠬᠤ | ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ︵2021 - 2025 | ᠣᠨ︶︾ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠷᠭᠡᠨ ᠤᠯᠠᠨ | ᠠᠵᠢᠯᠳᠠᠨ ᠠᠵᠢᠯᠴᠢᠨ ᠢ ᠬᠥᠮᠦᠵᠢᠭᠦᠯᠦᠨ ᠵᠢᠯᠣᠭᠤᠳᠴᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠠᠲᠤ ᠪᠤᠢ | ᠪᠣᠯᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠯᠠᠨ ᠲᠦᠮᠡᠨ ᠤ ᠰᠡᠷᠭᠡᠶᠢᠯᠡᠯᠲᠡ ᠶᠢᠨ ᠱᠤᠭᠤᠮ ᠢ | ᠦᠨᠡᠨ ᠬᠦ ᠪᠠᠬᠢᠵᠢᠭᠦᠯᠬᠦ ᠶᠢᠨ ᠲᠥᠯᠥᠭᠡ ᠶᠤᠮ᠃ | ᠤᠷᠤᠯᠳᠤᠭᠠᠨ ᠤ ᠳᠤᠮᠳᠠ᠂ ᠤᠯᠠᠨᠪᠤᠯᠠᠭ ᠪᠠᠯᠭᠠᠰᠤᠨ ᠤ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠤᠨ | ᠠᠵᠢᠯᠲᠠᠨ ᠯᠢᠶᠠᠩ ᠰᠢᠤᠢ ︽ᠦᠨᠳᠦᠰᠦᠨ ᠱᠠᠲᠤ ᠶᠢ ᠨᠡᠪᠲᠡᠯᠦᠨ ᠤᠯᠤᠰ ᠤᠨ ᠠᠮᠤᠷ ᠲᠦᠪᠰᠢᠨ ᠢ ᠦᠵᠡᠬᠦ︾ ᠪᠠᠷ | ᠭᠤᠤᠯ ᠰᠡᠳᠦᠪ ᠪᠣᠯᠭᠠᠵᠤ᠂ ᠦᠨᠳᠦᠰᠦᠨ ᠱᠠᠲᠤᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠠᠮᠢᠳᠤᠯᠢᠭ | ᠨᠢᠭᠡᠳᠦᠭᠡᠷ ᠹᠷᠣᠨᠲ ᠤᠨ ᠬᠡᠷᠡᠭ ᠤᠨ ᠵᠢᠱᠢᠶ᠎ᠡ ᠶᠢ ᠬᠡᠷᠡᠭᠯᠡᠵᠦ᠂ ᠠᠮᠤ ᠪᠤᠳᠠᠭᠠᠨ ᠤ ᠠᠮᠤᠷ ᠲᠦᠪᠰᠢᠨ᠂ ᠠᠷᠠᠳ | ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠵᠡᠷᠭᠡ ᠲᠠᠯ᠎ᠠ ᠪᠠᠷ ᠳᠠᠮᠵᠢᠭᠤᠯᠤᠨ᠂ ᠤᠯᠤᠰ ᠤᠨ ᠶᠡᠷᠦᠩᠬᠡᠶ ᠠᠮᠤᠷ | ᠲᠦᠪᠰᠢᠨ ᠤ ᠦᠵᠡᠯᠲᠡ ᠶᠢᠨ ᠭᠤᠤᠯ ᠠᠭᠤᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠲᠡᠭᠦᠨ ᠤ | ᠢᠯᠡ ᠲᠣᠳᠣ ᠤᠯᠤᠰ ᠲᠥᠷᠥ ᠶᠢᠨ ᠵᠣᠭᠰᠣᠯᠲᠠ᠂ ᠯᠠᠪᠳᠠᠭᠤᠨ ᠪᠠᠲᠤᠲᠠᠶ ᠦᠨᠳᠦᠰᠦᠨ ᠱᠠᠲᠤᠨ ᠤ ᠬᠤᠷᠠᠮᠳᠤᠭᠤᠯᠤᠯ | ᠪᠠ ᠨᠥᠯᠥᠭᠡᠯᠡᠬᠦ ᠬᠦᠴᠦᠨ ᠲᠠᠢ ᠤᠬᠠᠭᠤᠯᠤᠨ ᠲᠠᠶᠢᠯᠪᠤᠷᠢᠯᠠᠬᠤ ᠢᠯᠡᠷᠡᠯ ᠨᠢ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠳᠡᠭᠡᠳᠦ ᠬᠡᠮᠵᠢᠶᠡᠨ ᠤ ᠦᠨᠡᠯᠡᠯᠲᠡ ᠶᠢ ᠣᠯᠵᠤ᠂ ᠦᠨᠳᠦᠰᠦᠨ ᠱᠠᠲᠤᠨ ᠤ | ᠺᠠᠳ᠋ᠷ ᠤᠨ ᠤᠯᠤᠰ ᠲᠥᠷᠥ ᠶᠢᠨ ᠬᠡᠪ ᠪᠣᠯᠪᠠᠰᠤᠷᠠᠯ᠂ ᠣᠨᠣᠯ ᠤᠨ ᠰᠠᠭᠤᠷᠢ ᠪᠠ ᠤᠬᠠᠭᠤᠯᠤᠨ ᠲᠠᠶᠢᠯᠪᠤᠷᠢᠯᠠᠬᠤ ᠬᠢᠷᠢ | ᠲᠦᠪᠰᠢᠨ ᠢ ᠭᠦᠢᠴᠡᠳ ᠢᠯᠡᠷᠡᠭᠦᠯᠪᠡ᠃ | ᠳᠠᠷᠠᠭᠠᠴᠢ ᠶᠢᠨ ᠠᠯᠬᠤᠮ ᠳᠤ᠂ ᠤᠯᠠᠨᠪᠤᠯᠠᠭ ᠪᠠᠯᠭᠠᠰᠤᠨ ᠤ ᠠᠵᠢᠯᠴᠢᠨ ᠤ ᠡᠪᠯᠡᠯ ᠤᠨ ᠬᠤᠯᠪᠣᠭᠠᠲᠤ | ᠬᠤᠷᠠᠯ ᠠᠴᠠ ᠲᠤᠰ ᠤᠳᠠᠭ᠎ᠠ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠤᠬᠠᠭᠤᠯᠭ᠎ᠠ ᠶᠢᠨ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠥᠷᠭᠡᠨ ᠤᠯᠠᠨ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠤᠨ ᠲᠠᠶᠢᠴᠢᠯᠠᠵᠦ | ᠪᠠᠶᠢᠭᠠᠳ ᠠᠵᠢᠯ ᠤᠨ ᠪᠠᠶᠢᠷᠢ ᠳᠠᠭᠠᠨ ᠰᠠᠭᠤᠷᠢᠯᠠᠨ ᠤᠯᠤᠰ ᠤᠨ ᠠᠮᠤᠷ ᠲᠦᠪᠰᠢᠨ ᠤ ᠭᠤᠣᠯ ᠰᠡᠳᠦᠪᠲᠦ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠠᠮᠤᠷ ᠲᠦᠪᠰᠢᠨ ᠤ | ᠡᠷᠡᠰ ᠬᠠᠮᠠᠭᠠᠯᠠᠭᠴᠢ ᠪᠠ ᠤᠬᠠᠭᠤᠯᠤᠭᠴᠢ ᠪᠣᠯᠬᠤ ᠪᠠᠷ ᠴᠢᠷᠮᠠᠶᠢᠨ᠎ᠠ᠃ |